ᠨᠢᠩᠴᠧᠩ ᠰᠢᠶᠠᠨ ᠳᠥᠷᠪᠡ ᠶᠢ ︽ᠪᠣᠳᠠᠲᠠᠶᠢᠵᠢᠭᠤᠯᠵᠤ︾ ᠰᠤᠷᠭᠠᠭᠤᠯᠢ ᠶᠢᠨ ᠬᠦᠷᠢᠶᠡᠨ ᠤ ᠦᠶᠡᠷ ᠢ ᠰᠡᠷᠭᠡᠶᠢᠯᠡᠵᠦ ᠤᠰᠤᠨ ᠳᠤ ᠤᠨᠠᠬᠤ ᠶᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/6/18
    ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ︽ᠬᠠᠷᠢᠭᠤᠴᠠᠯᠭ᠎ᠠ ᠶᠢᠨ ᠲᠣᠣᠷ︾ ᠢ ᠪᠠᠲᠤ ᠪᠠᠬᠢ ᠪᠠᠶᠢᠭᠤᠯᠪᠠ᠃ 5 ᠳ᠋ᠤᠭᠠᠷ ᠰᠠᠷ᠎ᠠ ᠶᠢᠨ ᠳᠤᠮᠳᠠᠴᠢ ᠪᠠᠷ ︽ᠣᠳᠣᠬᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠡ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠭᠦᠨᠵᠡᠭᠡᠶ ᠥᠷᠨᠢᠭᠦᠯᠵᠦ᠂ ᠰᠤᠷᠤᠭᠴᠢᠳ ᠤᠨ ᠬᠠᠮᠲᠤ ᠶᠢᠨ ᠠᠵᠢᠯᠯᠠᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠂ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠶᠢᠨ ᠬᠦᠷᠢᠶᠡᠨ ᠤ ᠰᠤᠷᠤᠭᠴᠢᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠰᠡᠷᠡᠮᠵᠢᠯᠡᠭᠦᠯᠦᠯ ᠢ 8 ᠤᠳᠠᠭ᠎ᠠ ᠬᠢᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠪᠠ ᠤᠰᠤᠨ ᠳᠤ ᠤᠨᠠᠬᠤ ᠶᠢ ᠰᠡᠷᠭᠡᠶᠢᠯᠡᠬᠦ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ  ᠪᠤᠳᠠᠳᠠᠶᠢᠵᠢᠭᠤᠯᠪᠠ᠃    ᠬᠤᠶᠠᠷ ᠲᠤ᠂ ᠤᠬᠠᠭᠤᠯᠭ᠎ᠠ ᠬᠥᠮᠦᠵᠢᠯ ᠢ ᠪᠣᠳᠠᠲᠠᠶᠢᠵᠢᠭᠤᠯᠵᠤ᠂ ︽ᠰᠡᠷᠭᠡᠶᠢᠯᠡᠯᠲᠡ ᠶᠢᠨ ᠲᠣᠣᠷ︾ ᠢ ᠪᠠᠲᠤ ᠪᠠᠬᠢ ᠪᠠᠶᠢᠭᠤᠯᠪᠠ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢ ᠬᠢᠴᠢᠶᠡᠯ ᠤᠨ ᠲᠠᠩᠬᠢᠮ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠵᠡᠷᠭᠡᠪᠡᠷ ᠥᠷᠨᠢᠭᠦᠯᠵᠦ᠂ ᠪᠠᠭᠰᠢ ᠰᠤᠷᠤᠭᠴᠢᠳ ᠢ ᠵᠣᠬᠢᠶᠠᠨ ᠪᠠᠶᠢᠭᠤᠯᠤᠨ ᠬᠤᠯᠪᠣᠭᠳᠠᠯ ᠪᠦᠬᠦᠢ ᠸᠢᠳᠢᠣ᠋ ᠶᠢ ᠦᠵᠡᠭᠦᠯᠵᠦ᠂ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠢ ᠨᠠᠷᠢᠨ ᠬᠢᠨᠠᠮᠠᠭᠠᠢ ᠰᠤᠷᠤᠯᠴᠠᠭᠤᠯᠪᠠ᠃ ᠤᠬᠠᠭᠤᠯᠭ᠎ᠠ ᠶᠢᠨ ᠡᠯᠭᠦᠭᠡ ᠪᠢᠴᠢᠭᠡᠰᠦ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠪᠤᠯᠤᠩ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠨᠡᠪᠲᠡᠷᠡᠭᠦᠯᠭᠡ ᠵᠡᠷᠭᠡ ᠠᠴᠢᠶᠠᠯᠠᠪᠤᠷᠢ ᠪᠠᠷ ᠳᠠᠮᠵᠢᠭᠤᠯᠤᠨ ᠤᠰᠤᠨ ᠳᠤ ᠤᠨᠠᠬᠤ ᠶᠢ ᠤᠷᠢᠳᠴᠢᠯᠠᠨ ᠰᠡᠷᠭᠡᠶᠢᠯᠡᠬᠦ ᠭᠤᠤᠯ ᠰᠡᠳᠦᠪᠲᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠣᠷᠣᠭᠴᠢ ᠪᠣᠯᠤᠨ ᠬᠡᠷ ᠤᠨ ᠠᠬᠠᠮᠠᠳ ᠤᠨ ᠤᠰᠤᠨ ᠳᠤ ᠤᠨᠠᠬᠤ ᠶᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠰᠤᠷᠤᠭᠴᠢᠳ ᠤᠨ ᠠᠶᠤᠯ ᠳᠤ ᠲᠤᠯᠭᠠᠷᠠᠵᠤ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠬᠥᠮᠦᠵᠢᠭᠦᠯᠦᠨ᠎ᠡ᠃    ᠭᠤᠷᠪᠠ ᠳᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠨ᠂ ︽ᠬᠠᠮᠢᠶᠠᠷᠤᠨ ᠬᠠᠮᠠᠭᠠᠯᠠᠬᠤ ᠲᠣᠣᠷ︾ ᠢ ᠪᠠᠲᠤ ᠪᠠᠬᠢ ᠰᠦᠯᠵᠢᠪᠡ᠃ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠡ ᠶᠢᠨ ᠬᠠᠷᠢᠶ᠎ᠠ ᠣᠷᠣᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠤᠯᠪᠣᠭᠠᠯᠠᠨ᠂ ᠤᠰᠤᠨ ᠴᠥᠭᠦᠷᠥᠮ᠂ ᠤᠰᠤᠯᠠᠯᠲᠠ ᠶᠢᠨ ᠰᠤᠪᠠᠭ᠂ ᠡᠯᠡᠰᠦ ᠮᠠᠯᠲᠠᠬᠤ ᠲᠠᠯᠠᠪᠠᠶ ᠵᠡᠷᠭᠡ ᠤᠰᠤᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ ᠂ ᠰᠡᠷᠡᠮᠵᠢᠯᠡᠭᠦᠯᠬᠦ ᠲᠡᠮᠳᠡᠭ᠂ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠡᠯᠡᠳᠬᠡᠮᠵᠢ ᠶᠢ ᠳᠣᠭᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠪᠦᠬᠦᠯᠢ ᠡᠳᠦᠷ ᠢᠶᠠᠷ ᠬᠢᠨᠠᠨ ᠠᠵᠢᠭᠯᠠᠵᠤ ᠰᠡᠷᠭᠡᠶᠢᠯᠡᠨ᠎ᠡ᠃    ᠲᠦᠷᠪᠡ ᠳᠤ᠂ ᠭᠡᠷ ᠤᠨ ᠠᠬᠠᠮᠠᠳ ᠬᠠᠷᠢᠭᠤᠴᠠᠯᠭ᠎ᠠ ᠪᠠᠨ ᠭᠦᠢᠴᠡᠳᠬᠡᠵᠦ᠂ ︽ᠬᠠᠷᠠᠵᠦ ᠬᠠᠮᠠᠭᠠᠯᠠᠬᠤ ᠲᠣᠣᠷ︾ ᠢ ᠪᠠᠲᠤ ᠰᠦᠯᠵᠢᠪᠡ᠃ ︽ᠬᠡᠷ ᠤᠨ ᠠᠬᠠᠮᠠᠳ ᠲᠤ ᠥᠭᠭᠦᠭᠰᠡᠨ ᠨᠢᠭᠡ ᠬᠤᠪᠢ ᠵᠠᠬᠢᠳᠠᠯ︾᠂ ᠸᠢᠴᠠᠲ ᠤᠨ ᠮᠡᠳᠡᠭᠡ ᠵᠠᠩᠭᠢ ᠪᠠᠷ ᠬᠡᠷ ᠤᠨ ᠠᠬᠠᠮᠠᠳ ᠤᠨ ᠬᠠᠷᠠᠵᠦ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠭᠡᠵᠤ᠂ ᠬᠡᠤᠬᠡᠳ ᠨᠢ ᠭᠠᠳᠠᠭᠰᠢ ᠭᠠᠷᠬᠤ ᠳᠤ ︽ᠬᠠᠮᠢᠭ᠎ᠠ ᠬᠡᠨ ᠲᠠᠢ ᠶᠠᠭᠤ ᠬᠢᠵᠦ ᠬᠡᠵᠢᠶ᠎ᠡ ᠭᠡᠷ ᠲᠡᠭᠡᠨ ᠪᠤᠴᠠᠬᠤ︾ ᠶᠢ ᠪᠦᠷᠢᠮᠦᠰᠦᠨ ᠮᠡᠳᠡᠬᠦ ᠶᠢ ᠱᠠᠭᠠᠷᠳᠠᠪᠠ᠃ ᠭᠡᠷ ᠤᠨ ᠠᠬᠠᠮᠠᠳ ᠲᠠᠢ ︽ᠤᠰᠤᠨ ᠳᠤ ᠤᠨᠠᠬᠤ ᠶᠢ ᠰᠡᠷᠭᠡᠶᠢᠯᠡᠬᠦ ᠠᠮᠠᠯᠠᠯᠲᠠ ᠶᠢᠨ ᠪᠢᠴᠢᠭ ︾ 7 ᠲᠦᠮᠡ ᠭᠠᠷᠤᠶ ᠬᠤᠪᠢ ᠭᠠᠷ ᠤᠨ ᠦᠰᠦᠭ ᠵᠢᠷᠤᠵᠤ᠂ ᠭᠡᠷ ᠤᠨ ᠠᠬᠠᠮᠠᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠤᠰᠤᠨ ᠳᠤ ᠤᠨᠠᠬᠤ ᠶᠢ ᠰᠡᠷᠭᠡᠶᠢᠯᠡᠬᠦ ᠬᠥᠮᠦᠵᠢᠯ ᠲᠠᠢ ᠨᠢᠭᠲᠠ ᠬᠠᠮᠵᠢᠯᠴᠠᠵᠤ᠂ ᠭᠡᠷ ᠪᠦᠯᠢ ᠰᠤᠷᠭᠠᠭᠤᠯᠢ ᠬᠤᠶᠠᠷ ᠲᠠᠯ᠎ᠠ ᠠᠴᠠ ᠰᠤᠷᠤᠭᠴᠢᠳ ᠤᠨ ᠤᠰᠤᠨ ᠳᠤ ᠤᠨᠠᠬᠤ ᠠᠳᠡᠯ ᠭᠠᠷᠬᠤ ᠶᠢ ᠦᠨᠡᠨ ᠬᠦ ᠰᠡᠷᠭᠡᠶᠢᠯᠡᠵᠦ᠂ ᠭᠡᠷ ᠪᠦᠯᠢ ᠰᠤᠷᠭᠠᠭᠤᠯᠢ ᠰᠡᠳᠬᠢᠯ ᠨᠢᠭᠡᠳᠦᠨ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠦ ᠳᠤ ᠪᠠᠲᠤ ᠪᠠᠬᠢ ᠪᠠᠲᠤᠯᠠᠭ᠎ᠠ ᠬᠠᠩᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号