ᠨᠢᠩᠴᠧᠩ ᠰᠢᠶᠠᠨ ︽ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠦᠢᠯᠡᠴᠢᠯᠡᠭᠡᠨ ᠤ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/6/20
    ᠨᠢᠭᠡ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠬᠠᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ︾ ᠪᠠᠷ ᠤᠬᠠᠭᠤᠯᠭ᠎ᠠ ᠶᠢᠨ ᠭᠤᠤᠯ ᠠᠭᠤᠯᠭ᠎ᠠ ᠪᠣᠯᠭᠠᠨ᠂ ᠲᠧᠯᠸᠢᠰ᠂ ᠰᠦᠯᠵᠢᠶ᠎ᠡ᠂ ᠸᠢᠴᠠᠲ᠂ ᠬᠠᠮ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠭᠦᠢᠴᠡᠳ ᠠᠰᠢᠭᠯᠠᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠪᠠᠷᠢᠮᠵᠢᠶ᠎ᠠ ᠵᠢᠷᠤᠮᠵᠢᠯ᠂ ᠬᠠᠮᠠᠭᠠᠯᠠᠬᠤ ᠠᠷᠭ᠎ᠠ ᠬᠡᠮᠵᠢᠶ᠎ᠡ᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢ ᠭᠤᠤᠯᠳᠠᠯᠭ᠎ᠠ ᠲᠠᠢ ᠲᠦᠭᠡᠮᠡᠯᠵᠢᠭᠦᠯᠵᠦ᠂ ᠪᠦᠬᠦᠨ ᠢ ᠬᠠᠮᠤᠷᠬᠤ ᠮᠠᠶ᠋ᠢᠭ ᠤᠨ ᠤᠬᠠᠭᠤᠯᠭ᠎ᠠ ᠬᠢᠬᠦ ᠶᠢᠨ ᠬᠠᠮᠲᠤ ᠬᠤᠲᠠ ᠶᠢᠨ ᠲᠣᠭᠤᠷᠢᠭ᠂ ᠰᠢᠶᠠᠩ ᠪᠠᠯᠭᠠᠰᠤ᠂ ᠠᠵᠤ ᠠᠬᠤᠶᠢᠯᠠᠯ ᠳᠤ ᠤᠬᠠᠭᠤᠯᠭ᠎ᠠ ᠶᠢᠨ ᠡᠯᠭᠦᠭᠡ ᠪᠢᠴᠢᠭᠡᠰᠦ ᠡᠯᠭᠦᠵᠦ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠮᠡᠳᠡᠯᠭᠡ ᠶᠢ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃    ᠬᠤᠶᠠᠷ ᠲᠤ᠂ ᠣᠷᠣᠨ ᠪᠦᠰᠡ ᠶᠢᠨ ᠣᠨᠴᠠᠯᠢᠭ ᠲᠠᠢ ᠤᠶᠠᠯᠳᠤᠭᠤᠯᠤᠨ᠂ ᠥᠨᠳᠥᠷ ᠪᠦᠲᠦᠮᠵᠢᠲᠡᠶ ᠵᠢᠯᠣᠭᠤᠳᠣᠯᠭ᠎ᠠ ᠥᠷᠨᠢᠭᠦᠯᠦᠨ᠎ᠡ᠃ 16 ᠬᠠᠷ᠎ᠠ ᠠᠷᠢᠬᠢ ᠦᠢᠯᠡᠳᠪᠦᠷᠢᠯᠡᠬᠦ ᠠᠵᠤ ᠠᠬᠤᠶᠢᠯᠠᠯ ᠳᠤ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠵᠤ᠂ ᠬᠠᠷ᠎ᠠ ᠠᠷᠢᠬᠢᠨ ᠤ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠣᠳᠣᠬᠢ ᠪᠠᠶᠢᠳᠠᠯ᠂ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠣᠶᠢᠯᠠᠭᠠᠵᠤ᠂ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠠᠵᠢᠯ ᠤᠨ ᠲᠤᠰᠬᠠᠶ ᠰᠡᠳᠦᠪᠲᠦ ᠶᠠᠷᠢᠯᠴᠠᠬᠤ ᠬᠤᠷᠠᠯ ᠢ ᠥᠷᠨᠢᠭᠦᠯᠵᠦ᠂ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠪᠣᠭᠤᠮᠢ ᠶᠢ ᠨᠠᠷᠢᠨ ᠣᠶᠢᠯᠠᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠶ ᠵᠢᠯᠣᠭᠤᠳᠬᠤ ᠰᠠᠨᠠᠯ ᠳᠤᠷᠠᠳᠴᠤ᠂ ᠥᠨᠳᠥᠷ ᠪᠠᠷᠢᠮᠵᠢᠶ᠎ᠠ ᠪᠠᠷ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠵᠢᠭ ᠪᠠᠯᠭᠠᠰᠤᠨ ᠤ ᠪᠠᠶᠢᠭᠤᠯᠤᠯᠲᠠ ᠶᠢ ᠠᠬᠢᠭᠤᠯᠤᠨ᠎ᠠ᠃    ᠭᠤᠷᠪᠠ ᠳᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠮᠥᠷᠳᠡᠨ ᠦᠢᠯᠡᠴᠢᠯᠡᠬᠦ ᠶᠢ ᠪᠡᠶᠡᠯᠡᠭᠦᠯᠦᠨ᠎ᠡ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ᠂ ᠨᠢᠭᠡᠳ ᠨᠢᠭᠡ ᠪᠠᠷ ᠰᠤᠷᠪᠤᠯᠵᠢᠯᠠᠨ ᠪᠠᠶᠢᠴᠠᠭᠠᠯᠲᠠ ᠬᠢᠬᠦ᠂ ᠠᠰᠠᠭᠤᠯᠲᠠ ᠶᠢᠨ ᠬᠠᠭᠤᠳᠠᠰᠤ ᠲᠠᠭᠯᠠᠨ ᠪᠢᠴᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠵᠠᠰᠠᠭ ᠵᠠᠬᠢᠷᠭᠠᠨ ᠤ ᠵᠢᠯᠣᠭᠤᠳᠬᠤ ᠬᠤᠷᠠᠯ ᠢ ᠥᠷᠨᠢᠭᠦᠯᠵᠦ᠂ ︽ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠤ ᠠᠬᠤᠶᠢᠯᠠᠯ ᠤᠨ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠵᠢᠯᠣᠭᠤᠳᠤᠮᠵᠢ︾ ᠶᠢ ᠰᠤᠷᠤᠯᠴᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠢ ᠬᠠᠪᠰᠤᠷᠤᠨ ᠬᠤᠳᠠᠯᠳᠤᠭᠠᠨ ᠤ ᠨᠢᠭᠤᠴᠠ ᠶᠢ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠡᠵᠡᠩᠨᠡᠭᠴᠢᠳ ᠤᠨ ᠬᠤᠳᠠᠯᠳᠤᠭᠠᠨ ᠤ ᠨᠢᠭᠤᠴᠠ ᠶᠢᠨ ᠥᠪᠡᠷ ᠢ ᠪᠠᠨ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠴᠠᠭᠠᠵᠠ ᠶᠢᠨ ᠠᠷᠭ᠎ᠠ ᠪᠠᠷᠢᠯ ᠢ ᠠᠰᠢᠭᠯᠠᠨ ᠠᠵᠤ ᠠᠬᠤᠶᠢᠯᠠᠯ ᠤᠨ ᠲᠣᠰ ᠪᠡᠶ᠎ᠡ ᠶᠢᠨ ᠭᠤᠣᠯᠯᠠᠬᠤ ᠬᠤᠳᠠᠯᠳᠤᠭᠠᠨ ᠤ ᠨᠢᠭᠤᠴᠠ ᠶᠢ ᠬᠠᠮᠠᠭᠠᠯᠠᠨ᠎ᠠ᠃    ᠣᠲᠣ ᠪᠣᠯᠲᠠᠯ᠎ᠠ᠂ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠴᠡᠭ ᠢ ᠨᠡᠶᠢᠲᠡ 8 ᠪᠠᠶᠢᠭᠤᠯᠵᠤ᠂ ᠤᠬᠠᠭᠤᠯᠭ᠎ᠠ ᠶᠢᠨ ᠠᠵᠢᠯᠯᠠᠭ᠎ᠠ ᠶᠢ 9 ᠤᠳᠠᠭ᠎ᠠ ᠥᠷᠨᠢᠭᠦᠯᠵᠦ᠂ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 30 ᠵᠤᠷᠪᠤᠰ ᠡᠯᠭᠦᠭᠡ ᠪᠢᠴᠢᠭᠡᠰᠦ ᠡᠯᠭᠦᠵᠦ᠂ 8 ᠠᠵᠤ ᠠᠬᠤᠶᠢᠯᠠᠯ ᠣᠷᠣᠯᠴᠠᠵᠠᠶ᠃ ᠨᠢᠩᠴᠧᠩ ᠰᠢᠶᠠᠨ ᠦᠷᠭᠦᠯᠵᠢᠯᠡᠨ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号