ᠨᠢᠩᠴᠧᠩ ᠰᠢᠶᠠᠨ ︽ᠠᠶᠤᠯᠭᠦᠶ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠪᠡ
ᠨᠡᠶᠢᠲᠡᠯᠡᠭᠰᠡᠨ ᠴᠠᠭ᠄
2024/6/20
    ᠨᠢᠭᠡ ᠳᠤ᠂ ︽ᠲᠣᠭᠲᠠᠭᠤᠨ︾ ᠪᠠᠶᠢᠬᠤ ᠶᠢ ᠲᠡᠷᠢᠭᠦᠨ ᠳᠤ ᠲᠠᠯᠪᠢᠵᠤ᠂ ᠡᠬᠢᠯᠡᠯᠲᠡ ᠶᠢᠨ ᠠᠵᠢᠯ ᠢ ᠰᠠᠶᠢᠲᠤᠷ ᠠᠳᠬᠤᠪᠠ᠃ 2024 ᠣᠨ ᠤ ᠨᠢᠩᠴᠧᠩ ᠰᠢᠶᠠᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ  ᠳᠠᠷᠤᠶ ᠳᠤᠨᠢ ᠬᠤᠷᠠᠯᠳᠤᠭᠤᠯᠵᠤ᠂ ᠲᠤᠰᠬᠠᠢ ᠲᠥᠰᠦᠯ ᠢ ᠲᠣᠭᠲᠠᠭᠠᠬᠤ ᠶᠢᠨ ᠬᠠᠮᠲᠤ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠢ ᠦᠷᠭᠦᠯᠵᠢᠯᠡᠨ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠬᠤᠶᠠᠷ ᠲᠤ᠂ ᠭᠤᠣᠯ ᠰᠡᠳᠦᠪ ᠲᠠᠢ ᠨᠢᠭᠲᠠ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ - ᠠᠮᠢ ᠨᠠᠰᠤᠨ ᠤ  ᠵᠠᠮ ᠢ ᠰᠠᠭᠠᠳ ᠦᠭᠡᠢ ᠨᠡᠪᠲᠡᠷᠡᠭᠦᠯᠬᠦ︾ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ︽ᠶᠢᠰᠦᠨ ᠪᠠᠭ᠎ᠠ ᠲᠠᠯᠠᠪᠤᠷ︾᠂ ᠤᠯᠠᠨ ᠡᠵᠡᠩᠨᠡᠯᠲᠡ ᠶᠢᠨ ᠬᠡᠯᠪᠡᠷᠢ ᠪᠦᠬᠦᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ ᠪᠣᠯᠤᠨ ᠭᠠᠯ ᠤᠨᠲᠠᠷᠠᠭᠠᠬᠤ  ᠲᠡᠷᠭᠡ ᠨᠡᠪᠲᠡᠷᠡᠬᠦ ᠵᠠᠮ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠮᠢ ᠵᠢᠭᠤᠲᠠᠬᠤ ᠪᠠ ︽ᠠᠮᠢ ᠨᠠᠰᠤᠨ ᠤ ᠵᠠᠮ︾ ᠢ ᠰᠢᠯᠤᠭᠤᠳᠬᠠᠨ᠎ᠠ᠃ ᠡᠭᠦᠨ ᠤ ᠬᠠᠮᠲᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠳᠬᠤᠵᠤ᠂ ᠲᠠᠷᠢᠶᠠᠯᠠᠩ ᠤᠨ ᠠᠮᠤᠷ ᠲᠦᠪᠰᠢᠨ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠭᠠᠯ ᠢ ᠰᠡᠷᠭᠡᠶᠢᠯᠡᠬᠦ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠪᠠ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠣᠳᠣᠬᠠᠨ ᠪᠣᠯᠲᠠᠯ᠎ᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠪᠠᠶᠢᠴᠠᠭᠠᠯᠲᠠ ᠶᠢ 4 ᠤᠳᠠᠭ᠎ᠠ ᠵᠣᠬᠢᠶᠠᠨ ᠪᠠᠶᠢᠭᠤᠯᠵᠤ᠂ 32 ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ᠂ 8 ᠠᠮᠤᠷ ᠲᠦᠪᠰᠢᠨ ᠤ ᠭᠡᠮ ᠰᠣᠭᠤᠭ ᠢ ᠢᠯᠡᠷᠡᠭᠦᠯᠵᠦ᠂ ᠴᠠᠭ ᠲᠤᠬᠠᠢ ᠳᠤᠨᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠭᠤᠷᠪᠠ ᠳᠤ᠂ ᠠᠭᠤᠷ ᠠᠮᠢᠰᠬᠤᠯ ᠢ ᠪᠣᠶ ᠪᠣᠯᠭᠠᠵᠤ᠂ ᠤᠬᠠᠭᠤᠯᠭ᠎ᠠ ᠶᠢ ᠰᠠᠶᠢᠲᠤᠷ ᠠᠳᠬᠤᠪᠠ᠃ ᠤᠯᠠᠨ ᠬᠡᠯᠪᠡᠷᠢ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠤ ᠠᠬᠤᠶᠢᠯᠠᠯ᠂ ᠬᠥᠳᠡᠭᠡ ᠲᠣᠰᠬᠤᠨ᠂ ᠪᠠᠶᠢᠭᠤᠯᠭ᠎ᠠ᠂ ᠰᠤᠷᠭᠠᠭᠤᠯᠢ᠂ ᠭᠡᠷ ᠪᠦᠯᠢ ᠳᠤ ᠣᠷᠣᠭᠤᠯᠬᠤ ︽ᠲᠠᠪᠤ ᠶᠢ ᠣᠷᠣᠭᠤᠯᠬᠤ︾ ᠠᠵᠢᠯ ᠢ ᠭᠦᠨᠵᠡᠭᠡᠢ ᠥᠷᠨᠢᠭᠦᠯᠵᠦ᠂ ︽ᠠᠶᠤᠯᠭᠦᠢ ᠦᠢᠯᠡᠳᠪᠦᠷᠢᠯᠡᠯ ᠢ ᠤᠯᠠᠨ ᠢᠶᠠᠷ ᠢᠶᠠᠨ ᠶᠠᠷᠢᠯᠴᠠᠬᠤ︾᠂ ︽ᠪᠦᠬᠦ ᠠᠷᠠᠳ ᠤᠨ ᠠᠮᠤᠷ ᠲᠦᠪᠰᠢᠨ ᠤ ᠢᠯᠡ ᠬᠢᠴᠢᠶᠡᠯ︾᠂ ᠬᠡᠷᠡᠭ ᠤᠨ ᠵᠢᠱᠢᠶ᠎ᠡ ᠶᠢ ᠰᠡᠷᠡᠮᠵᠢᠯᠡᠭᠦᠯᠬᠦ ᠵᠡᠷᠭᠡ ᠤᠯᠠᠨ ᠬᠡᠯᠪᠡᠷᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠵᠤ᠂ ᠤᠯᠠᠨ ᠲᠦᠮᠡᠨ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠲᠠᠢ ᠨᠢᠭᠤᠷᠳᠠᠨ ᠶᠠᠷᠢᠯᠴᠠᠵᠤ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠲᠦᠮᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠤᠬᠠᠮᠰᠠᠷ ᠪᠣᠯᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号