| ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠪᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠨᠡᠶᠢᠭᠡᠮ ᠤᠨ ᠦᠨᠳᠦᠰᠦᠨ ᠵᠦᠢᠯ ᠢ ᠪᠠᠲᠤᠯᠠᠬᠤ ᠠᠵᠢᠯ ᠢ ᠨᠢᠭᠡ ᠵᠦᠢᠯ ᠤᠨ ᠴᠢᠬᠤᠯᠠ ᠠᠵᠢᠯ ᠪᠣᠯᠭᠠᠨ ᠠᠳᠬᠤᠵᠤ᠂ | ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ | ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠪᠦᠬᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠪᠠ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠬᠤ ᠶᠢᠨ ᠬᠠᠮᠲᠤ | ᠵᠣᠬᠢᠴᠠᠩᠭᠤᠶ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠬᠦᠷᠲᠡᠭᠡᠪᠡ᠃ ᠪᠠᠲᠤᠯᠠᠬᠤ ᠶᠣᠰᠣᠲᠠᠢ ᠶᠢ ᠨᠢ | ᠴᠥᠮ ᠪᠠᠲᠤᠯᠠᠵᠤ᠂ ᠲᠡᠵᠢᠭᠡᠬᠦ ᠶᠣᠰᠣᠲᠠᠢ ᠶᠢ ᠨᠢ ᠴᠥᠮ ᠲᠡᠵᠢᠭᠡᠵᠦ᠂ ᠠᠪᠤᠷᠠᠪᠠᠰᠤ ᠵᠣᠬᠢᠬᠤ ᠶᠢ ᠨᠢ ᠪᠦᠬᠦᠨ ᠢ | ᠠᠪᠤᠷᠠᠨ᠎ᠠ᠃ | ᠬᠤᠶᠠᠷ ᠲᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ | ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠪᠡ᠃ ︽ᠰᠢᠶᠠᠩ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ᠂ | ᠡᠯ᠎ᠡ ᠲᠣᠰᠬᠤᠨ ᠨᠢᠭᠡᠳᠦᠯᠲᠡᠶ ᠲᠥᠯᠥᠪᠯᠡᠬᠦ᠂ ᠬᠠᠮᠲᠤᠪᠠᠷ ᠳᠠᠬᠢᠨ ᠬᠢᠨᠠᠬᠤ᠂ ᠪᠦᠲᠦᠮᠵᠢᠲᠡᠶ ᠵᠣᠯᠭᠠᠭᠤᠯᠬᠤ᠂ | ᠭᠤᠷᠪᠠ ᠶᠢ ᠵᠠᠷᠯᠠᠨ ᠨᠡᠶᠢᠲᠡᠯᠡᠬᠦ᠂ ᠲᠥᠷᠥᠯ ᠬᠤᠪᠢᠶᠠᠨ ᠬᠠᠮᠢᠶᠠᠷᠬᠤ︾ ᠵᠠᠷᠴᠢᠮ ᠢ ᠪᠠᠷᠢᠮᠲᠠᠯᠠᠵᠤ᠂ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠪᠴᠢᠶᠡᠨ ᠳᠤ ᠬᠠᠷᠠᠬᠠᠨ ᠣᠷᠣᠭᠤᠯᠤᠭᠠᠳᠤᠶ ᠶᠠᠳᠠᠭᠤ ᠠᠴᠠ ᠠᠩᠭᠢᠵᠢᠷᠠᠭᠰᠠᠨ ᠡᠷᠦᠬᠡ᠂ | ᠶᠠᠳᠠᠭᠤ ᠠᠴᠠ ᠠᠩᠭᠢᠵᠢᠷᠠᠭᠤᠯᠤᠭᠰᠠᠨ ᠬᠢᠨᠠᠨ ᠬᠡᠮᠵᠢᠬᠦ ᠡᠷᠦᠬᠡ᠂ ᠬᠦᠨᠳᠦ ᠡᠪᠡᠳᠴᠢᠲᠡᠨ᠂ ᠬᠦᠨᠳᠦ ᠵᠡᠮᠳᠡᠭ | ᠡᠷᠦᠬᠡ ᠶᠢ ᠡᠷᠦᠬᠡ ᠳᠠᠷᠠᠭᠠᠯᠠᠨ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠡᠲᠡᠭᠡᠳ ᠢ ᠪᠠᠲᠤᠯᠠᠭ᠎ᠠ ᠶᠢᠨ | ᠬᠡᠪᠴᠢᠶᠡᠨ ᠳᠤ ᠣᠷᠣᠭᠤᠯᠤᠨ᠎ᠠ᠃ ᠣᠳᠣᠬᠠᠨ ᠳᠤ᠂ ᠨᠡᠶᠢᠲᠡ 2208 ᠡᠷᠦᠬᠡ ᠶᠢᠨ 3170 ᠬᠥᠮᠦᠨ ᠢ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠣᠷᠣᠭᠤᠯᠵᠤ᠂ 184 ᠬᠥᠮᠦᠨ ᠢ ᠣᠨᠴᠠ ᠬᠦᠴᠢᠷᠳᠡᠯᠲᠡᠶ ᠠᠰᠠᠷᠠᠨ | ᠲᠡᠵᠢᠭᠡᠬᠦ ᠡᠷᠦᠬᠡ ᠳᠤ ᠣᠷᠣᠭᠤᠯᠵᠤ᠂ 20 ᠬᠥᠮᠦᠨ ᠢ ᠥᠨᠥᠴᠢᠨ ᠬᠡᠤᠬᠡᠳ ᠤᠨ ᠠᠪᠤᠷᠠᠨ ᠲᠤᠰᠠᠯᠠᠯᠲᠠ ᠳᠤ | ᠣᠷᠣᠭᠤᠯᠪᠠ᠃ | ᠭᠤᠷᠪᠠ ᠳᠤ᠂ ᠲᠦᠷ ᠴᠠᠭ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠦᠨᠳᠦᠰᠦᠨ ᠠᠮᠢᠳᠤᠷᠠᠯ ᠢ | ᠪᠠᠲᠤᠯᠠᠪᠠ᠃ ᠬᠦᠴᠢᠷᠳᠡᠯᠲᠡᠶ ᠣᠯᠠᠨ ᠲᠦᠮᠡᠨ ᠤ ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠬᠤ᠂ ᠬᠦᠯᠢᠶᠡᠨ | ᠠᠪᠴᠤ ᠰᠢᠢᠳᠪᠤᠷᠢᠯᠡᠬᠦ᠂ ᠬᠢᠨᠠᠨ ᠬᠠᠷᠭᠤᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ᠠᠮᠢᠳᠤᠷᠠᠯ ᠨᠢ | ᠬᠦᠴᠢᠷᠳᠡᠯᠲᠡᠶ ᠭᠡᠷ ᠲᠡᠭᠡᠨ ᠬᠤᠴᠣᠷᠤᠭᠰᠠᠨ ᠨᠠᠰᠤᠲᠠᠨ᠂ ᠬᠦᠨᠳᠦ ᠡᠪᠡᠳᠴᠢᠨ ᠲᠠᠢ ᠭᠡᠷ ᠪᠦᠯᠢ ᠵᠢᠴᠢ ᠭᠡᠨᠡᠳᠲᠡ ᠶᠢᠨ | ᠬᠡᠷᠡᠭ ᠠᠴᠠ ᠪᠣᠯᠵᠤ ᠠᠮᠢᠳᠤᠷᠠᠯ ᠨᠢ ᠬᠦᠴᠢᠷᠳᠡᠯᠲᠡᠶ ᠪᠤᠰᠤᠳ ᠣᠯᠠᠨ ᠲᠦᠮᠡᠨ ᠳᠤ ᠲᠦᠷ ᠴᠠᠭ ᠤᠨ ᠠᠪᠤᠷᠠᠨ | ᠲᠤᠰᠠᠯᠠᠯᠲᠠ ᠶᠢ ᠢᠳᠡᠪᠬᠢᠲᠡᠶ ᠭᠦᠢᠴᠡᠳᠬᠡᠵᠦ ᠥᠭᠭᠦᠨ᠎ᠡ᠃ ᠡᠨᠡ ᠵᠢᠯ ᠤᠨ ᠲᠤᠷᠰᠢ᠂ ᠬᠡᠷ ᠪᠦᠯᠢ ᠶᠢᠨ ᠬᠦᠨᠳᠦ | ᠵᠡᠮᠳᠡᠭ ᠬᠦᠨᠳᠦ ᠡᠪᠡᠳᠴᠢᠨ ᠲᠠᠢ᠂ ᠠᠮᠢᠳᠤᠷᠠᠯ ᠨᠢ ᠬᠦᠴᠢᠷᠳᠡᠯᠲᠡᠶ 137 ᠬᠥᠮᠦᠨ ᠳᠤ ᠲᠦᠷ ᠴᠠᠭ ᠤᠨ ᠠᠪᠤᠷᠠᠨ | ᠲᠤᠰᠠᠯᠠᠯᠲᠠ ᠬᠢᠵᠦ᠂ ᠨᠡᠶᠢᠲᠡ 9.5 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠲᠠᠷᠬᠠᠭᠠᠪᠠ᠃ | |