| ᠣᠳᠣᠬᠠᠨ ᠳᠤ ᠶᠠᠭ ᠡᠷᠳᠡᠨᠢ ᠰᠢᠰᠢ᠂ ᠲᠥᠮᠥᠰᠥ ᠵᠡᠷᠭᠡ ᠲᠠᠷᠢᠮᠠᠯ ᠤᠨ ᠤᠷᠭᠤᠯᠲᠠ ᠶᠢᠨ ᠵᠠᠩᠭᠢᠯᠠᠭ᠎ᠠ ᠶᠢᠨ ᠴᠠᠭ | ᠦᠶ᠎ᠡ ᠪᠠᠶᠢᠵᠤ᠂ ᠠᠭᠠᠷ ᠤᠨ ᠳᠤᠯᠠᠭᠠᠨ ᠠᠭᠠᠵᠢᠮ ᠢᠶᠠᠷ ᠳᠡᠭᠡᠭᠰᠢᠯᠡᠬᠦ ᠪᠠ ᠰᠦᠷᠴᠢᠨ ᠤᠰᠤᠯᠠᠬᠤ ᠬᠡᠮᠵᠢᠶ᠎ᠡ | ᠨᠡᠮᠡᠭᠳᠡᠬᠦ ᠶᠢ ᠳᠠᠭᠠᠯᠳᠤᠨ᠂ ᠥᠨᠳᠥᠷ ᠳᠤᠯᠠᠭᠠᠨ ᠥᠨᠳᠥᠷ ᠴᠢᠭᠢᠭᠯᠢᠭ ᠠᠭᠤᠷ ᠠᠮᠢᠰᠬᠤᠯ ᠲᠦᠢᠯ ᠤᠨ ᠠᠮᠠᠷᠬᠠᠨ | ᠡᠪᠡᠳᠴᠢᠨ ᠬᠤᠷᠣᠬᠠᠶ ᠶᠢᠨ ᠭᠠᠮᠰᠢᠭ ᠡᠭᠦᠰᠬᠦ ᠪᠣᠯᠤᠨ᠎ᠠ᠃ ᠭᠡᠭᠡᠨ ᠬᠤᠲᠠ ᠪᠠᠯᠭᠠᠰᠤ ᠤᠷᠭᠤᠮᠠᠯ ᠤᠨ | ᠬᠠᠮᠠᠭᠠᠯᠠᠯᠲᠠ ᠶᠢᠨ ᠵᠢᠯᠣᠭᠤᠴᠢ ᠥᠬᠡᠶ ᠨᠢᠰᠬᠡᠯ ᠢ ᠬᠡᠷᠡᠭᠯᠡᠨ ᠡᠪᠡᠳᠴᠢᠨ ᠬᠤᠷᠣᠬᠠᠶ ᠶᠢᠨ ᠬᠥᠨᠥᠭᠡᠯ ᠢ ᠠᠷᠢᠯᠭᠠᠨ᠂ | ᠤᠤᠯ ᠤᠨ ᠬᠥᠮᠦᠨ ᠤ ᠬᠦᠴᠦᠨ ᠤ ᠰᠦᠷᠴᠢᠯᠲᠡ ᠶᠢᠨ ᠦᠷ᠎ᠡ ᠪᠦᠲᠦᠮᠵᠢ ᠠᠴᠠ 20 ᠳᠠᠬᠢᠨ ᠰᠢᠬᠠᠮ | ᠳᠡᠭᠡᠭᠰᠢᠯᠡᠭᠦᠯᠵᠦ᠂ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ ᠵᠢᠯᠣᠭᠤᠴᠢ ᠥᠬᠡᠶ ᠨᠢᠰᠬᠡᠯ ᠪᠣᠯ ᠭᠡᠭᠡᠨ ᠬᠤᠲᠠ ᠪᠠᠯᠭᠠᠰᠤᠨ ᠤ ᠲᠠᠷᠢᠶᠠᠯᠠᠩ ᠤᠨ | ᠦᠢᠯᠡᠴᠢᠯᠡᠭᠡᠨ ᠤ ᠺᠣᠮᠫᠠᠨᠢ ᠶᠢᠨ ᠬᠤᠳᠠᠯᠳᠤᠨ ᠠᠪᠤᠭᠰᠠᠨ T60 ᠵᠢᠯᠤᠭᠤᠴᠢ ᠥᠬᠡᠶ ᠨᠢᠰᠬᠡᠯ᠂ ᠡᠨᠡ ᠨᠢ 50 | ᠺᠢᠯᠣᠭ᠍ᠷᠠᠮ ᠲᠠᠷᠢᠶᠠᠨ ᠡᠮ ᠢ ᠪᠠᠭᠳᠠᠭᠠᠨ᠂ ᠣᠶᠢᠷ᠎ᠠ ᠶᠢᠨ ᠵᠢᠯ ᠳᠤ ᠨᠡᠯᠢᠶᠡᠳ ᠣᠯᠠᠨ ᠬᠡᠷᠡᠭᠯᠡᠬᠦ ᠲᠠᠷᠢᠮᠠᠯ ᠤᠨ | ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠮᠡᠷᠭᠡᠵᠢᠯ ᠮᠥᠨ᠂ ᠪᠣᠬᠢᠷᠲᠤᠯ ᠥᠬᠡᠶ ᠰᠡᠷᠭᠡᠶᠢᠯᠡᠨ | ᠡᠵᠡᠮᠳᠡᠬᠦ᠂ ᠣᠶᠤᠨᠴᠢ ᠰᠡᠷᠭᠡᠶᠢᠯᠡᠨ ᠡᠵᠡᠮᠳᠡᠬᠦ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ᠂ ᠲᠤᠰᠬᠠᠶ | ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ ᠶᠢ ᠨᠢᠭᠡ ᠴᠣᠭᠴᠠᠵᠢᠭᠤᠯᠤᠭᠰᠠᠨ ᠵᠢᠯᠣᠭᠤᠴᠢ ᠥᠬᠡᠶ ᠨᠢᠰᠬᠡᠯ ᠨᠢ | ᠬᠡᠷᠡᠭᠯᠡᠬᠦ ᠳᠤ ᠳᠥᠭᠦᠮ᠂ ᠥᠨᠳᠥᠷ ᠪᠦᠲᠦᠮᠵᠢᠲᠡᠶ ᠪᠠᠶᠢᠵᠤ᠂ ᠵᠥᠪᠬᠡᠨ ᠠᠯᠤᠰ ᠡᠵᠡᠮᠰᠢᠯᠲᠦ ᠪᠠᠭᠠᠵᠢ ᠪᠠᠷ ᠳᠡᠮᠵᠢᠨ | ᠰᠦᠷᠴᠢᠬᠦ ᠣᠷᠣᠨ ᠪᠦᠰᠡ ᠶᠢ ᠰᠠᠶᠢᠲᠤᠷ ᠲᠥᠯᠥᠪᠵᠢᠭᠦᠯᠪᠡᠯ ᠳᠠᠷᠤᠶ ᠳᠠᠷᠤᠪᠴᠢ ᠪᠠᠷ ᠠᠵᠢᠯᠯᠠᠬᠤ ᠶᠢᠨ ᠬᠠᠮᠲᠤ ᠡᠮ | ᠰᠠᠴᠤᠵᠤ ᠪᠣᠷᠳᠣᠭᠤᠷ ᠣᠷᠣᠭᠤᠯᠬᠤ ᠪᠣᠯ ᠮᠠᠰᠢ ᠵᠢᠭᠳᠡ ᠪᠠᠶᠢᠳᠠᠭ᠃ | ᠠᠮᠤ ᠪᠤᠳᠠᠭ᠎ᠠ ᠡᠯᠪᠡᠭ ᠬᠤᠷᠢᠶᠠᠯᠲᠠ ᠣᠯᠪᠠᠯ ᠠᠷᠠᠳ ᠤᠨ ᠰᠡᠳᠬᠢᠯ ᠲᠣᠭᠲᠠᠭᠤᠨ ᠪᠠᠶᠢᠵᠤ᠂ ᠠᠷᠠᠳ ᠤᠨ | ᠰᠡᠳᠬᠢᠯ ᠲᠣᠭᠲᠠᠭᠤᠨ ᠪᠠᠶᠢᠪᠠᠯ ᠳᠡᠯᠡᠬᠡᠶ ᠳ᠋ᠠᠬᠢᠨ ᠠᠮᠤᠭᠤᠯᠠᠩ ᠪᠣᠯᠤᠨ᠎ᠠ᠃ ᠭᠡᠭᠡᠨ ᠬᠤᠲᠠ ᠪᠠᠯᠭᠠᠰᠤ ᠠᠮᠤ | ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠦᠷᠭᠦᠯᠵᠢᠯᠡᠨ ᠴᠢᠩᠭ᠎ᠠ ᠰᠠᠬᠢᠵᠤ᠂ ᠤᠯᠤᠰ ᠤᠨ ᠠᠮᠤ | ᠪᠤᠳᠠᠭ᠎ᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭ᠎ᠠ ᠲᠠᠷᠢᠬᠤ | ᠲᠠᠯᠠᠪᠠᠢ ᠶᠢ ᠲᠣᠭᠲᠠᠪᠤᠷᠢᠵᠢᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠠᠲᠤ | ᠡᠭᠦᠷᠭᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ᠣᠳᠣᠬᠢᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠭᠡ ᠠᠵᠤ ᠠᠬᠤᠢ ᠶᠢᠨ | ᠦᠢᠯᠡᠳᠪᠦᠷᠢᠯᠡᠯ ᠳᠤ ᠬᠦᠴᠦᠨ ᠨᠡᠮᠡᠷᠢᠯᠡᠵᠦ᠂ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | |