| ᠬᠡᠦᠬᠡᠳ ᠲᠤ ᠨᠠᠰᠤᠨ ᠳᠤ ᠥᠯᠥ ᠭᠦᠷᠦᠭᠰᠡᠳ ᠤᠨ ᠣᠨᠴᠠᠭᠠᠶ ᠬᠠᠮᠠᠭᠠᠯᠠᠯᠲᠠ ᠶᠢ ᠵᠥᠪ ᠢᠶᠠᠷ ᠲᠠᠨᠢᠭᠤᠯᠬᠤ ᠶᠢᠨ | ᠲᠥᠯᠥᠭᠡ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠪᠰᠤᠷᠴᠤ᠂ ᠬᠠᠤᠯᠢ | ᠪᠤᠰᠤ ᠬᠠᠯᠳᠠᠯᠭ᠎ᠠ ᠠᠴᠠ ᠬᠤᠯᠠ ᠵᠠᠶᠢᠳᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠨᠢᠩᠴᠧᠩ ᠰᠢᠶᠠᠨ ᠤ | ᠠᠷᠠᠳ ᠤᠨ ᠰᠢᠭᠦᠬᠦ ᠬᠤᠷᠢᠶ᠎ᠠ ᠰᠢ ᠸᠧ ᠫᠦ᠋ ᠪᠠᠭ᠎ᠠ ᠰᠤᠷᠭᠠᠭᠤᠯᠢ ᠳᠤ ᠬᠦᠷᠴᠦ᠂ ᠰᠤᠷᠤᠭᠴᠢᠳ ᠲᠤ ᠨᠠᠰᠤᠨ ᠳᠤ | ᠥᠯᠥ ᠭᠦᠷᠦᠭᠰᠡᠳ ᠢ ᠬᠠᠮᠠᠭᠠᠯᠠᠬᠤ ᠲᠤᠰᠬᠠᠶ ᠰᠡᠳᠦᠪᠲᠦ ᠬᠢᠴᠢᠶᠡᠯ ᠣᠷᠣᠪᠠ᠃ | ᠬᠢᠴᠢᠶᠡᠯ ᠳᠡᠭᠡᠷ᠎ᠡ᠂ ᠰᠢᠭᠦᠬᠦ ᠲᠢᠩᠬᠢᠮ ᠤᠨ ᠰᠢᠭᠦᠬᠦ ᠲᠤᠰᠢᠶᠠᠯᠲᠠᠨ ︽ᠬᠠᠤᠯᠢ ᠴᠠᠭᠠᠵᠠ ᠶᠢᠨ ᠬᠡᠷᠡᠭ ᠤᠨ | ᠵᠢᠱᠢᠶ᠎ᠡ︾ ᠶᠢᠨ ᠵᠠᠭᠪᠤᠷ ᠢᠶᠠᠷ ᠰᠣᠷᠣᠬᠴᠢᠳ ᠲᠤ ᠨᠠᠰᠤᠨ ᠳᠤ ᠥᠯᠥ ᠭᠦᠷᠦᠭᠰᠡᠳ ᠤᠨ ᠥᠪᠡᠷ ᠢ ᠪᠠᠨ ᠬᠡᠷᠬᠢᠨ | ᠬᠠᠮᠠᠭᠠᠯᠠᠬᠤ ᠪᠠ ᠬᠠᠮᠠᠭᠠᠯᠠᠭᠳᠠᠪᠠᠯ ᠵᠣᠬᠢᠬᠤ ᠶᠢ ᠨᠠᠩ ᠭᠦᠨᠵᠡᠭᠡᠶ ᠣᠶᠢᠯᠠᠭᠠᠭᠤᠯᠬᠤ ᠶᠢᠨ ᠬᠠᠮᠲᠤ ᠬᠤᠤᠰ ᠴᠢᠭᠯᠡᠯ ᠢᠶᠠᠷ | ᠦᠢᠯᠡᠳᠤᠯᠴᠡᠬᠦ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠲᠤ ᠬᠠᠤᠯᠢ ᠴᠠᠭᠠᠵᠠ ᠳᠤ ᠨᠠᠰᠤᠨ ᠳᠤ ᠥᠯᠥ | ᠭᠦᠷᠦᠭᠰᠡᠳ ᠢ ᠣᠨᠴᠠᠭᠠᠶ ᠬᠠᠮᠠᠭᠠᠯᠠᠬᠤ᠂ ᠬᠡᠷᠬᠢᠨ ᠬᠠᠤᠯᠢ ᠶᠢ ᠬᠦᠨᠳᠦᠳᠬᠡᠬᠦ ᠬᠠᠤᠯᠢ ᠶᠢ ᠰᠤᠷᠴᠤ ᠬᠠᠤᠯᠢ ᠶᠢ | ᠰᠠᠬᠢᠵᠤ ᠬᠠᠤᠯᠢ ᠶᠢ ᠬᠡᠷᠡᠭᠯᠡᠬᠦ ᠶᠢ ᠲᠠᠶᠢᠯᠪᠤᠷᠢᠯᠠᠵᠤ᠂ ᠰᠤᠷᠤᠭᠴᠢᠳ ᠤᠨ ᠬᠠᠤᠯᠢ ᠴᠠᠭᠠᠵᠠ ᠶᠢᠨ ᠮᠡᠳᠡᠯᠭᠡ ᠶᠢ | ᠰᠤᠷᠤᠯᠴᠠᠵᠤ᠂ ᠬᠠᠤᠯᠢᠵᠢᠯ ᠤᠨ ᠤᠬᠠᠮᠰᠠᠷ ᠢ ᠪᠣᠶ ᠪᠣᠯᠭᠠᠬᠤ ᠬᠡᠷᠡᠭᠲᠡᠶ ᠭᠡᠵᠦ ᠲᠠᠶᠢᠯᠪᠤᠷᠢᠯᠠᠪᠠ᠃ | ᠤᠶᠢᠷ᠎ᠠ ᠶᠢᠨ ᠵᠢᠯ ᠳᠤ᠂ ᠨᠠᠰᠤᠨ ᠳᠤ ᠦᠯᠦ ᠬᠦᠷᠦᠭᠰᠡᠳ ᠲᠤ ᠬᠤᠯᠪᠣᠭᠳᠠᠭᠰᠠᠨ ᠬᠡᠷᠡᠭ ᠤᠨ ᠨᠡᠶᠢᠭᠡᠮ ᠤᠨ | ᠨᠥᠯᠥᠭᠡᠯᠡᠬᠦ ᠬᠦᠴᠦᠨ ᠨᠢ ᠢᠳᠡᠭ ᠢᠳᠡᠭ ᠢᠶᠠᠷ ᠨᠡᠮᠡᠭᠳᠡᠵᠦ᠂ ᠠᠩᠬᠠᠷᠤᠯ ᠤᠨ ᠬᠡᠮᠵᠢᠶ᠎ᠡ ᠨᠢ ᠢᠳᠡᠭ ᠢᠳᠡᠭ ᠢᠶᠠᠷ | ᠥᠨᠳᠥᠷ ᠪᠣᠯᠵᠤ᠂ ᠰᠢᠬᠦᠬᠦ ᠬᠤᠷᠢᠶ᠎ᠠ ᠨᠢ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠠᠮᠤᠭ | ᠰᠡᠭᠦᠯᠴᠢ ᠶᠢᠨ ᠰᠡᠷᠭᠡᠢᠯᠡᠯᠲᠡ ᠶᠢᠨ ᠱᠤᠭᠤᠮ ᠮᠥᠨ᠂ ᠡᠶᠢᠮᠦ ᠠᠴᠠ ᠨᠠᠰᠤᠨ ᠳᠤ ᠦᠯᠦ ᠬᠦᠷᠦᠭᠰᠡᠳ ᠤᠨ ᠪᠡᠶ᠎ᠡ | ᠰᠡᠳᠭᠢᠯ ᠤᠨ ᠡᠷᠡᠭᠦᠯ ᠮᠡᠨᠳᠦ ᠶᠢᠨ ᠬᠠᠮᠤᠭ ᠤᠨ ᠰᠠᠶᠢᠨ ᠬᠥᠭᠵᠢᠯᠲᠡ ᠶᠢ ᠠᠩᠬᠠᠷᠬᠤ ᠶᠢᠨ ᠲᠥᠯᠥᠭᠡ᠂ ᠨᠢᠩᠴᠧᠩ | ᠰᠢᠶᠠᠨ ᠤ ᠠᠷᠠᠳ ᠤᠨ ᠰᠢᠭᠦᠬᠦ ᠬᠤᠷᠢᠶ᠎ᠠ ᠨᠢ ᠲᠤᠰᠬᠠᠢ ᠭᠡᠷ ᠤᠨ ᠶᠠᠪᠤᠳᠠᠯ ᠤᠨ ᠰᠢᠭᠦᠨ ᠲᠠᠰᠤᠯᠬᠤ ᠲᠢᠩᠬᠢᠮ᠂ | ᠰᠢᠭᠦᠬᠦ ᠲᠤᠰᠢᠶᠠᠯᠲᠠᠨ ᠤ ᠠᠵᠢᠯ ᠤᠨ ᠥᠷᠲᠡᠭᠡ ᠭᠠᠷᠭᠠᠵᠤ᠂ ᠬᠠᠮᠢᠶ᠎ᠠ ᠪᠦᠬᠦᠢ ᠬᠡᠷᠡᠭ ᠢ ᠰᠢᠭᠦᠨ ᠰᠢᠢᠳᠪᠦᠷᠢᠯᠡᠬᠦ ᠳᠤ | ᠬᠡᠷᠡᠭᠯᠡᠬᠦ ᠶᠢᠨ ᠬᠠᠮᠲᠤ ᠨᠠᠰᠤᠨ ᠳᠤ ᠦᠯᠦ ᠬᠦᠷᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠴᠢᠭᠯᠡᠭᠦᠯᠦᠭᠰᠡᠨ | ᠬᠠᠤᠯᠢ ᠴᠠᠭᠠᠵᠠ ᠶᠢᠨ ᠤᠬᠠᠭᠤᠯᠭ᠎ᠠ ᠶᠢ ᠴᠠᠭ ᠲᠤᠬᠠᠢ ᠳᠤ ᠨᠢ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠲᠤ | ᠬᠤᠯᠪᠣᠭᠳᠠᠭᠰᠠᠨ ᠬᠡᠷᠡᠭ ᠤᠨ ᠵᠠᠷᠭᠤ ᠶᠢᠨ ᠢᠷᠡᠯᠳᠡ ᠶᠢ ᠵᠠᠰᠠᠨ ᠴᠡᠭᠴᠡᠯᠡᠪᠡ᠃ |