ᠶᠡᠭᠡ ᠬᠤᠣᠰ ᠰᠦᠮ᠎ᠡ ᠪᠠᠯᠭᠠᠰᠤ ᠨᠠᠮ ᠤᠨ ᠪᠠᠶᠢᠭᠤᠯᠤᠯᠲᠠ ᠶᠢᠨ ᠵᠠᠮᠴᠢᠯᠠᠯᠲᠠ ᠶᠢ ᠰᠠᠶᠢᠲᠤᠷ ᠬᠢᠵᠦ ᠦᠨᠳᠦᠰᠦᠲᠡᠨ ᠤ ᠪᠦᠯᠬᠦᠮᠳᠡᠯ ᠢ ᠪᠠᠲᠤ  ᠴᠤᠬᠴᠠᠯᠠᠨ᠎ᠠ
ᠨᠡᠶᠢᠲᠡᠯᠡᠭᠰᠡᠨ ᠴᠠᠭ᠄
2024/6/24
    ᠨᠢᠭᠡ ᠳᠤ᠂ ᠤᠯᠤᠰ ᠲᠦᠷᠦ ᠶᠢᠨ ᠵᠢᠯᠣᠭᠤᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠡᠯᠪᠡᠷᠢ ᠲᠠᠢ︾ ᠪᠠᠶᠢᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ᠦᠨᠳᠦᠰᠦᠨ ᠱᠠᠲᠤᠨ ᠤ ᠦᠨᠳᠦᠰᠦᠲᠡᠨ ᠤ ᠠᠵᠢᠯᠲᠠᠨ ᠢ ᠰᠣᠩᠭᠤᠨ ᠬᠡᠷᠡᠭᠯᠡᠬᠦ᠂ ᠬᠠᠮᠢᠶᠠᠷᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠪᠠ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ︽ᠳᠥᠷᠪᠡᠨ ᠣᠨᠴᠠᠭᠠᠶ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠵᠦ᠂ ᠪᠠᠯᠭᠠᠰᠤᠨ ᠳᠤ ᠨᠢᠭᠡᠳᠦᠮᠡᠯ ᠹᠷᠣᠨᠲ ᠤᠨ ᠭᠡᠰᠢᠭᠦᠨ ᠪᠤᠯᠤᠨ ᠡᠯ᠎ᠡ ᠲᠣᠰᠬᠤᠨ ᠤ ᠬᠡᠰᠡᠭ ᠬᠠᠮᠢᠶᠠᠷᠤᠬᠴᠢ ᠶᠢ ᠬᠠᠮᠤᠷᠤᠬᠰᠠᠨ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠰᠢᠰᠲ᠋ᠧᠮ ᠢ ᠪᠦᠷᠢᠯᠳᠦᠭᠦᠯᠪᠡ᠃ ᠣᠳᠣᠬᠠᠨ ᠳᠤ᠂ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠨᠠᠮ ᠤᠨ ᠭᠡᠰᠢᠭᠦᠨ ᠢ 1000 ᠭᠠᠷᠤᠢ ᠬᠥᠮᠦᠨ ᠤᠳᠠᠭ᠎ᠠ ᠤᠷᠤᠯᠴᠠᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃    ᠬᠤᠶᠠᠷ ᠲᠤ᠂ ᠤᠨᠴᠠᠯᠢᠬᠳᠤ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠦᠭᠳᠡᠯ ᠲᠠᠢ︾ ᠪᠠᠶᠢᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ ︽ᠭᠤᠷᠪᠠᠨ ᠨᠢᠭᠡ︾ ᠶᠢᠨ ᠢᠨᠵᠧᠨᠧᠷᠢᠩ ︵ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠰᠣᠩᠭᠤᠨ ᠱᠤᠭᠤᠵᠤ᠂ ᠨᠢᠭᠡ ᠪᠦᠯᠦᠭ ᠭᠤᠣᠯ ᠰᠡᠳᠦᠪᠲᠦ ᠠᠵᠢᠯᠯᠠᠭ᠎ᠠ ᠶᠢ ᠡᠷᠬᠢᠯᠡᠵᠦ᠂ ᠨᠢᠭᠡ ᠰᠢᠷᠢᠰ ᠰᠣᠳᠣᠨ ᠵᠠᠮ ᠱᠤᠭᠤᠮ ᠢ ᠡᠭᠦᠳᠦᠨ ᠪᠠᠶᠢᠭᠤᠯᠤᠨ᠎ᠠ︶ ᠢ ᠥᠷᠭᠡᠨ ᠢᠶᠠᠷ ᠥᠷᠨᠢᠭᠦᠯᠵᠦ᠂ ᠲᠡᠦᠬᠡ ᠶᠢᠨ ᠦᠯᠡᠳᠡᠭᠳᠡᠯ ᠵᠢᠴᠢ ︽ᠭᠤᠷᠪᠠᠨ ᠮᠢᠩᠭᠠᠨ ᠥᠨᠥᠴᠢᠨ ᠬᠡᠦᠬᠡᠳ ᠢ ᠥᠪᠥᠷ ᠮᠣᠩᠭᠤᠯ ᠳᠤ ᠣᠷᠣᠭᠤᠯᠬᠤ︾ ᠵᠡᠷᠭᠡ ᠦᠨᠳᠦᠰᠦᠲᠡᠨ ᠤ ᠪᠦᠯᠬᠦᠮᠳᠡᠯ ᠤᠨ ᠬᠠᠶᠢᠷ᠎ᠠ ᠬᠠᠯᠠᠮᠵᠢ ᠶᠢᠨ ᠦᠯᠢᠭᠡᠷ ᠢ ᠭᠦᠨᠵᠡᠭᠡᠢ ᠠᠭᠤᠳᠠᠯᠵᠤ᠂ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠬᠥᠭᠵᠢᠮ ᠤᠨ ᠬᠡᠷᠡᠭᠰᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠢᠳᠡᠪᠬᠢᠲᠡᠢ ᠲᠡᠳᠬᠦᠵᠦ᠂ ᠨᠠᠭᠠᠳᠤᠮ ᠤᠨ ᠶᠡᠭᠡ ᠬᠤᠷᠠᠯ᠂ ᠣᠪᠣᠭᠠᠨ ᠲᠠᠬᠢᠯᠭ᠎ᠠ ᠶᠢᠨ ᠪᠠᠶᠠᠷ ᠵᠡᠷᠭᠡ ᠰᠢᠷᠢᠰ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠶᠢᠷ᠎ᠠ ᠰᠡᠳᠬᠢᠯᠭᠡ ᠶᠢᠨ ᠬᠤᠯᠪᠣᠭ᠎ᠠ᠂ ᠰᠣᠶᠣᠯ ᠤᠨ ᠨᠡᠶᠢᠲᠡᠯᠢᠭ ᠴᠢᠨᠠᠷ᠂ ᠤᠶᠤᠨ ᠰᠠᠨᠠᠭᠠᠨ ᠤ ᠬᠠᠮᠲᠤ ᠶᠢᠨ ᠴᠢᠨᠠᠷ ᠢ ᠲᠠᠰᠤᠷᠠᠯᠲᠠ ᠦᠭᠡᠢ ᠴᠢᠩᠭᠠᠳᠬᠠᠨ᠎ᠠ᠃    ᠭᠤᠷᠪᠠ ᠳᠤ᠂ ᠨᠥᠯᠥᠭᠡᠯᠡᠨ ᠳᠠᠶᠢᠴᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠪᠦᠲᠦᠮᠵᠢᠲᠡᠶ ᠪᠠᠶᠢᠬᠤ︾ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠪᠠ᠃ 16 ᠲᠣᠰᠬᠤᠨ ᠢ ᠵᠣᠬᠢᠶᠠᠨ ᠪᠠᠶᠢᠭᠤᠯᠤᠨ ᠠᠵᠢᠯᠯᠠᠭ᠎ᠠ ᠥᠷᠨᠢᠭᠦᠯᠵᠦ᠂ ᠵᠣᠬᠢᠶᠠᠨ ᠪᠠᠶᠢᠭᠤᠯᠵᠤ ᠬᠤᠯᠪᠣᠭᠠᠯᠠᠨ ᠪᠠᠶᠢᠭᠤᠯᠬᠤ᠂ ᠦᠢᠯᠡᠳᠪᠤᠷᠢᠯᠡᠯ ᠢ ᠬᠤᠯᠪᠣᠭᠠᠯᠠᠨ ᠠᠬᠢᠭᠤᠯᠬᠤ᠂ ᠠᠵᠢᠯᠯᠠᠭ᠎ᠠ ᠶᠢᠨ ᠨᠥᠬᠦᠷᠯᠡᠯ᠂ ᠡᠬᠢ ᠪᠠᠶᠠᠯᠢᠭ ᠢ ᠬᠤᠯᠪᠣᠭᠠᠯᠠᠨ ᠭᠥᠷᠳᠡᠬᠦ᠂ ᠬᠦᠴᠢᠷᠳᠡᠯ ᠢ ᠬᠤᠯᠪᠣᠭᠠᠯᠠᠨ ᠲᠤᠰᠠᠯᠠᠬᠤ᠂ ᠠᠮᠢ ᠠᠬᠤᠶ ᠶᠢ ᠬᠤᠯᠪᠣᠭᠠᠯᠠᠨ ᠬᠠᠮᠠᠭᠠᠯᠠᠬᠤ ︽ᠵᠢᠷᠭᠤᠭ᠎ᠠ ᠶᠢ ᠬᠤᠯᠪᠣᠭᠠᠯᠠᠨ ᠬᠠᠮᠲᠤ ᠪᠠᠷ ᠪᠠᠶᠢᠭᠤᠯᠬᠤ︾ ᠲᠣᠭᠲᠠᠴᠠ ᠶᠢᠨ ᠲᠣᠭᠤᠷᠢᠨ ᠳᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠳᠠᠷᠢᠵᠤ ᠲᠡᠵᠢᠭᠡᠨ ᠦᠷᠡᠵᠢᠭᠦᠯᠬᠦ  ᠦᠢᠯᠡᠰ ᠤᠨ ᠪᠦᠲᠦᠴᠡ ᠶᠢ ᠳᠣᠭᠢᠷᠠᠭᠤᠯᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠭᠯᠠᠬᠤ ᠶᠢ ᠬᠦᠴᠦᠲᠡᠶ ᠠᠬᠢᠭᠤᠯᠪᠠ᠃ ᠣᠳᠣᠬᠠᠨ ᠳᠤ᠂ ᠡᠯ᠎ᠡ ᠲᠣᠰᠬᠤᠨ ᠤ ᠨᠠᠮ ᠤᠨ ᠡᠭᠦᠷ ᠦᠨᠳᠦᠰᠦᠲᠡᠨ ᠤ ᠨᠥᠬᠦᠷᠯᠡᠯ ᠤᠨ ︽ᠭᠤᠣᠯ ᠰᠡᠳᠦᠪᠲᠦ ᠨᠠᠮ ᠤᠨ ᠡᠳᠦᠷ︾ ᠤᠨ ᠠᠵᠢᠯᠯᠠᠭ᠎ᠠ ᠶᠢ 10 ᠭᠠᠷᠤᠢ ᠤᠳᠠᠭ᠎ᠠ ᠢᠳᠡᠪᠬᠢᠲᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠠᠭᠤᠷ ᠠᠮᠢᠰᠬᠤᠯ ᠤᠯᠠᠮ ᠠᠴᠠ ᠤᠯᠠᠮ ᠭᠦᠨ ᠵᠤᠵᠠᠭᠠᠨ ᠪᠣᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号