| ᠤᠯᠤᠰ ᠵᠢᠴᠢ ᠣᠷᠣᠨ ᠨᠤᠲᠤᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠤᠬᠠᠶ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠶᠢᠨ | ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ | ᠃ | ᠬᠠᠤᠯᠢ ᠬᠡᠷᠡᠭᠵᠢᠭᠦᠯᠬᠦ ᠠᠵᠢᠯᠲᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠬ᠎ᠠ | ᠳᠡᠯᠭᠡᠭᠦᠷ ᠤᠨ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠪᠠᠷ ᠭᠤᠤᠯᠳᠠᠯᠭ᠎ᠠ ᠲᠠᠢ ᠪᠠᠶᠢᠴᠠᠭᠠᠬᠤ | ᠡᠲᠡᠭᠡᠳ ᠢᠶᠠᠷ ᠭᠤᠤᠯᠳᠠᠯᠭ᠎ᠠ ᠪᠣᠯᠭᠠᠵᠤ᠂ ᠬᠤᠳᠠᠯᠳᠤᠭᠠᠨ ᠤ ᠡᠷᠦᠬᠡ ᠶᠢᠨ ᠦᠨᠡᠮᠯᠡᠯ ᠠᠪᠴᠤ ᠭᠡᠷᠡᠴᠢ ᠭᠠᠷᠭᠠᠬᠤ᠂ | ᠦᠨ᠎ᠡ ᠬᠠᠩᠰᠢ ᠶᠢ ᠢᠯᠡ ᠨᠡᠶᠢᠲᠡᠯᠡᠬᠦ᠂ ᠵᠢᠭᠤᠯᠴᠢᠯᠠᠯ ᠤᠨ ᠲᠠᠸᠠᠷ ᠤᠨ ᠶᠠᠰᠤ ᠴᠢᠨᠠᠷ᠂ ᠢᠳᠡᠭᠡᠨ ᠤ ᠡᠵᠡᠩᠨᠡᠯᠲᠡ᠂ | ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠭᠡᠷᠡᠴᠢ ᠦᠨᠡᠮᠯᠡᠯ ᠨᠢ | ᠪᠦᠷᠢᠨ ᠪᠤᠰᠤ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ᠂ ᠲᠠᠸᠠᠷ ᠤᠨ ᠶᠠᠰᠤ ᠴᠢᠨᠠᠷ ᠨᠢ ᠪᠠᠷᠢᠮᠵᠢᠶ᠎ᠠ ᠳᠤ | ᠨᠡᠶᠢᠴᠡᠬᠦ ᠦᠭᠡᠢ᠂ ᠦᠨ᠎ᠡ ᠬᠠᠩᠰᠢ ᠶᠢᠨ ᠮᠡᠬᠡᠯᠡᠯ ᠬᠢᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠠᠭᠤᠷᠮᠠᠭ | ᠮᠠᠭᠤ ᠦᠢᠯᠡᠳᠬᠦᠨ ᠦᠢᠯᠡᠳᠪᠦᠷᠢᠯᠡᠬᠦ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ | ᠦᠢᠯᠡᠳᠴᠦ ᠪᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠣᠷᠣᠰᠢᠵᠤ ᠪᠠᠶᠢᠬᠤ | ᠡᠰᠡᠬᠦ ᠶᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠯᠲᠡ ᠶᠢᠨ ᠭᠤᠤᠯ ᠴᠣᠭᠴᠠ ᠳᠤ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢᠨ ᠴᠢᠬᠤᠯᠠ ᠴᠢᠨᠠᠷ ᠢ | ᠤᠬᠠᠭᠤᠯᠵᠤ᠂ ᠲᠡᠳᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ | ᠰᠢᠮᠳᠠᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ | ᠭᠦᠢᠴᠡᠳᠬᠡᠵᠦ᠂ ᠢᠯᠡ ᠦᠨ᠎ᠡ ᠬᠠᠳᠠᠬᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠲᠦᠷᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠵᠦ᠂ | ᠰᠠᠶᠢᠨ ᠰᠠᠶᠢᠬᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠣᠲᠣ ᠪᠣᠯᠲᠠᠯ᠎ᠠ᠂ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 17 ᠪᠠᠶᠢᠴᠠᠭᠠᠵᠤ᠂ | ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ ᠮᠡᠳᠡᠭᠰᠡᠨ ᠥᠬᠡᠶ᠃ | ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ | ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ | ᠡᠮᠬᠢ ᠳᠢᠭᠯᠢᠮ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ | ᠠᠷᠢᠯᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ | ᠲᠦᠪᠰᠢᠨ᠂ ᠡᠮᠬᠢ ᠵᠢᠷᠤᠮ ᠲᠠᠢ᠂ ᠰᠠᠨᠠᠭ᠎ᠠ ᠠᠮᠤᠷ ᠶᠠᠪᠤᠵᠤ ᠰᠠᠭᠤᠬᠤ ᠵᠢᠭᠤᠯᠴᠢᠯᠠᠯ ᠤᠨ ᠣᠷᠴᠢᠨ ᠨᠥᠬᠦᠴᠡᠯ ᠢ ᠪᠣᠶ | ᠪᠣᠯᠭᠠᠨ᠎ᠠ᠃ |