ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/25
   ᠤᠯᠤᠰ ᠵᠢᠴᠢ ᠣᠷᠣᠨ ᠨᠤᠲᠤᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠤᠬᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ    ᠬᠠᠤᠯᠢ ᠬᠡᠷᠡᠭᠵᠢᠭᠦᠯᠬᠦ ᠠᠵᠢᠯᠲᠠᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠬ᠎ᠠ ᠳᠡᠯᠭᠡᠭᠦᠷ ᠤᠨ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠪᠠᠷ ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠢᠶᠠᠷ ᠭᠤᠤᠯᠳᠠᠯᠭ᠎ᠠ ᠪᠣᠯᠭᠠᠵᠤ᠂ ᠬᠤᠳᠠᠯᠳᠤᠭᠠᠨ ᠤ ᠡᠷᠦᠬᠡ ᠶᠢᠨ ᠦᠨᠡᠮᠯᠡᠯ ᠠᠪᠴᠤ ᠭᠡᠷᠡᠴᠢ ᠭᠠᠷᠭᠠᠬᠤ᠂ ᠦᠨ᠎ᠡ ᠬᠠᠩᠰᠢ ᠶᠢ ᠢᠯᠡ ᠨᠡᠶᠢᠲᠡᠯᠡᠬᠦ᠂ ᠵᠢᠭᠤᠯᠴᠢᠯᠠᠯ ᠤᠨ ᠲᠠᠸᠠᠷ ᠤᠨ ᠶᠠᠰᠤ ᠴᠢᠨᠠᠷ᠂ ᠢᠳᠡᠭᠡᠨ ᠤ ᠡᠵᠡᠩᠨᠡᠯᠲᠡ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠪᠠᠶᠢᠳᠠᠯ ᠢ ᠪᠥᠬᠦ ᠲᠠᠯ᠎ᠠ ᠪᠠᠷ ᠪᠠᠶᠢᠴᠠᠭᠠᠪᠠ᠃ ᠭᠡᠷᠡᠴᠢ ᠦᠨᠡᠮᠯᠡᠯ ᠨᠢ ᠪᠦᠷᠢᠨ ᠪᠤᠰᠤ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ᠂ ᠲᠠᠸᠠᠷ ᠤᠨ ᠶᠠᠰᠤ ᠴᠢᠨᠠᠷ ᠨᠢ ᠪᠠᠷᠢᠮᠵᠢᠶ᠎ᠠ ᠳᠤ ᠨᠡᠶᠢᠴᠡᠬᠦ ᠦᠭᠡᠢ᠂ ᠦᠨ᠎ᠡ ᠬᠠᠩᠰᠢ ᠶᠢᠨ ᠮᠡᠬᠡᠯᠡᠯ ᠬᠢᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠬᠠᠭᠤᠷᠮᠠᠭ ᠮᠠᠭᠤ ᠦᠢᠯᠡᠳᠬᠦᠨ ᠦᠢᠯᠡᠳᠪᠦᠷᠢᠯᠡᠬᠦ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ ᠦᠢᠯᠡᠳᠴᠦ ᠪᠣᠷᠣᠯᠠᠭᠤᠯᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ  ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠴᠢᠩᠭ᠎ᠠ ᠪᠠᠶᠢᠴᠠᠭᠠᠪᠠ᠃ ᠡᠭᠦᠨ ᠤ ᠬᠠᠮᠲᠤ᠂ ᠡᠵᠡᠩᠨᠡᠯᠲᠡ ᠶᠢᠨ ᠭᠤᠤᠯ ᠴᠣᠭᠴᠠ ᠳᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢᠨ ᠴᠢᠬᠤᠯᠠ ᠴᠢᠨᠠᠷ ᠢ ᠤᠬᠠᠭᠤᠯᠵᠤ᠂ ᠲᠡᠳᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠪᠠ ᠭᠡᠷᠡᠴᠢ ᠪᠠᠷᠢᠮᠲᠠ ᠠᠪᠬᠤ ᠲᠦᠷᠢᠮ ᠢ ᠭᠦᠢᠴᠡᠳᠬᠡᠵᠦ᠂ ᠢᠯᠡ ᠦᠨ᠎ᠡ ᠬᠠᠳᠠᠬᠤ᠂ ᠰᠦᠢᠳᠬᠡᠯ ᠬᠤᠷᠢᠶᠠᠬᠤ ᠶᠢ ᠢᠯᠡ ᠨᠡᠶᠢᠲᠡᠯᠡᠬᠦ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠶᠢ ᠴᠢᠩᠭ᠎ᠠ ᠰᠡᠷᠭᠡᠶᠢᠯᠡᠵᠦ᠂ ᠰᠠᠶᠢᠨ ᠰᠠᠶᠢᠬᠠᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃    ᠣᠲᠣ ᠪᠣᠯᠲᠠᠯ᠎ᠠ᠂ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠡᠶᠢᠲᠡ 17 ᠪᠠᠶᠢᠴᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠦᠷ ᠣᠯᠵᠤ ᠮᠡᠳᠡᠭᠰᠡᠨ ᠥᠬᠡᠶ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ ᠠᠷᠢᠯᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠤᠷ ᠲᠦᠪᠰᠢᠨ᠂ ᠡᠮᠬᠢ ᠵᠢᠷᠤᠮ ᠲᠠᠢ᠂ ᠰᠠᠨᠠᠭ᠎ᠠ ᠠᠮᠤᠷ ᠶᠠᠪᠤᠵᠤ ᠰᠠᠭᠤᠬᠤ ᠵᠢᠭᠤᠯᠴᠢᠯᠠᠯ ᠤᠨ ᠣᠷᠴᠢᠨ ᠨᠥᠬᠦᠴᠡᠯ ᠢ ᠪᠣᠶ ᠪᠣᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号