| ᠨᠢᠭᠡ ᠳᠤ᠂ ᠨᠠᠷᠢᠨ ᠨᠢᠮᠪᠠᠢ ᠲᠥᠯᠥᠪᠵᠢᠭᠦᠯᠵᠦ᠂ ᠦᠢᠯᠡᠴᠢᠯᠡᠭᠡᠨ ᠤ ᠰᠢᠨ᠎ᠡ ᠦᠨᠳᠦᠷᠴᠡ ᠳᠤ ᠬᠦᠷᠭᠡᠨ᠎ᠡ᠃ | ᠨᠡᠪᠲᠡᠷᠡᠯᠴᠡᠬᠦ ᠴᠢᠳᠠᠪᠤᠷᠢ ᠪᠠᠷ ᠴᠢᠩᠭ᠎ᠠ᠂ ᠮᠠᠰᠢᠨ ᠮᠡᠷᠭᠡᠵᠢᠯ ᠢᠶᠠᠷ ᠰᠠᠶᠢᠨ ᠵᠠᠯᠠᠭᠤ ᠭᠤᠤᠯᠯᠠᠭᠴᠢ ᠬᠦᠴᠦᠨ ᠢ | ᠰᠣᠩᠭᠤᠨ ︽ᠨᠡᠪᠲᠡᠷᠡᠭᠦᠯᠦᠭᠴᠢ ᠶᠢᠨ ᠪᠦᠯᠬᠦᠮ︾ ᠢ ᠪᠠᠶᠢᠭᠤᠯᠵᠤ᠂ ᠪᠤᠯᠪᠠᠰᠤᠷᠠᠯ ᠰᠣᠯᠢᠯᠴᠠᠭ᠎ᠠ᠂ ᠦᠢᠯᠡᠳᠦᠯᠭᠡ ᠶᠢᠨ | ᠰᠣᠷᠢᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠭᠤᠳ ᠨᠡᠪᠲᠡᠷᠡᠭᠦᠯᠭᠡ ᠶᠢᠨ ᠴᠢᠨᠠᠷ ᠢ ᠳᠡᠭᠡᠭᠰᠢᠯᠡᠭᠦᠯᠵᠦ᠂ | ᠥᠨᠳᠥᠷ ᠳᠠᠪᠲᠠᠮᠵᠢᠲᠤ ᠵᠦᠢᠯᠡᠰ ᠤᠨ ᠲᠤᠭ᠎ᠠ ᠪᠠᠷᠢᠮᠲᠠ ᠶᠢ ᠡᠮᠬᠢᠯᠡᠵᠦ᠂ ᠰᠢᠭᠤᠳ ᠨᠡᠪᠲᠡᠷᠡᠭᠦᠯᠭᠡ ᠶᠢᠨ | ᠲᠥᠯᠥᠪᠯᠡᠭᠡ ᠶᠢ ᠲᠣᠭᠲᠠᠭᠠᠵᠤ᠂ 30 ᠭᠠᠷᠤᠶ ᠰᠠᠯᠠᠭ᠎ᠠ ᠮᠥᠴᠢᠷ ᠢ ᠲᠣᠬᠢᠷᠠᠭᠤᠯᠤᠨ ︽ᠵᠠᠰᠠᠭ ᠤᠨ ᠶᠠᠪᠤᠳᠠᠯ ᠤᠨ | ᠰᠢᠭᠤᠳ ᠨᠡᠪᠲᠡᠷᠡᠭᠦᠯᠭᠡ︾ ᠳᠤ ᠣᠷᠣᠯᠴᠠᠭᠤᠯᠵᠤ᠂ ᠵᠠᠰᠠᠭ ᠠᠷᠠᠳ᠂ ᠵᠠᠰᠠᠭ ᠠᠵᠤ ᠠᠬᠤᠶᠢᠯᠠᠯ ᠤᠨ ᠬᠠᠷᠢᠯᠴᠠᠨ | ᠰᠣᠯᠢᠯᠴᠠᠬᠤ ᠰᠢᠨ᠎ᠡ ᠲᠠᠪᠴᠠᠩ ᠢ ᠪᠠᠶᠢᠭᠤᠯᠪᠠ᠃ | ᠬᠤᠶᠠᠷ ᠲᠤ᠂ ᠠᠰᠠᠭᠤᠯᠲᠠ ᠶᠢ ᠬᠠᠷᠢᠭᠤᠯᠵᠤ᠂ ᠲᠤᠯᠠᠭᠠᠨ ᠦᠢᠯᠡᠴᠢᠯᠡᠭᠡ ᠬᠠᠩᠭᠠᠨ᠎ᠠ᠃ ᠨᠡᠪᠲᠡᠷᠡᠭᠦᠯᠦᠭᠴᠢ ︽ | ᠲᠥᠷᠥ ᠶᠢᠨ ᠪᠣᠳᠣᠯᠭ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ + ᠰᠦᠯᠵᠢᠶᠡᠨ ᠳᠡᠭᠡᠷ᠎ᠡ ᠮᠠᠳᠠᠭ ᠲᠠᠢ | ᠠᠰᠠᠭᠤᠳᠠᠯ ᠢ ᠬᠠᠷᠢᠭᠤᠯᠬᠤ︾ ᠳᠠᠪᠬᠤᠷ ᠲᠠᠶᠢᠯᠤᠮᠵᠢ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠳᠤ | ᠲᠤᠰᠬᠠᠶ ᠮᠡᠷᠭᠡᠵᠢᠯ ᠤᠨ ᠠᠵᠢᠯ ᠶᠠᠪᠤᠳᠠᠯ ᠭᠦᠢᠴᠡᠳᠭᠡᠬᠦ ᠵᠢᠯᠣᠭᠤᠳᠣᠯᠭ᠎ᠠ ᠬᠢᠨ ᠠᠰᠠᠭᠤᠯᠲᠠ ᠯᠠᠪᠯᠠᠯᠲᠠ ᠶᠢ | ᠬᠠᠷᠢᠭᠤᠯᠤᠨ᠎ᠠ᠃ ᠣᠯᠠᠨ ᠬᠤᠭᠤᠴᠠᠭᠠᠨ ᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ | ᠵᠢᠯᠣᠭᠤᠳᠬᠤ ᠸᠢᠳᠢᠣ᠋ ᠶᠢ ᠰᠢᠩᠭᠡᠭᠡᠨ ᠦᠢᠯᠡᠳᠴᠦ᠂ ᠣᠯᠠᠨ ᠢ ᠳᠠᠭᠠᠭᠤᠯᠤᠨ ᠠᠵᠢᠯ ᠶᠠᠪᠤᠳᠠᠯ ᠭᠦᠢᠴᠡᠳᠭᠡᠬᠦ | ᠶᠠᠪᠤᠴᠠ ᠶᠢ ᠤᠶᠢᠯᠠᠭᠠᠭᠤᠯᠵᠦ᠂ ᠣᠯᠠᠨ ᠲᠦᠮᠡᠨ ᠳᠤ ᠠᠵᠢᠯ ᠶᠠᠪᠤᠳᠠᠯ ᠭᠦᠢᠴᠡᠳᠭᠡᠬᠦ ᠶᠠᠪᠤᠴᠠ ᠶᠢ ᠨᠠᠩ ᠲᠣᠳᠣᠷᠬᠠᠶ | ᠪᠣᠯᠭᠠᠵᠤ᠂ ᠠᠵᠢᠯ ᠶᠠᠪᠤᠳᠠᠯ ᠭᠦᠢᠴᠡᠳᠭᠡᠬᠦ ᠭᠤᠭᠴᠤᠭ᠎ᠠ ᠶᠢ ᠨᠠᠩ ᠲᠣᠳᠣᠷᠬᠠᠶ ᠣᠶᠢᠯᠠᠭᠠᠭᠤᠯᠪᠠ᠃ ᠣᠳᠣᠬᠠᠨ | ᠪᠣᠯᠲᠠᠯ᠎ᠠ᠂ ᠨᠡᠶᠢᠲᠡ 64 ᠲᠠᠯᠠᠪᠤᠷ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢ ᠥᠷᠨᠢᠭᠦᠯᠵᠦ᠂ | ᠦᠵᠡᠭᠰᠡᠨ ᠬᠥᠮᠦᠨ ᠤ ᠲᠤᠭ᠎ᠠ 71 ᠲᠦᠮᠡᠨ ᠬᠥᠮᠦᠨ ᠤᠳᠠᠭ᠎ᠠ ᠳᠤ ᠬᠦᠷᠴᠦ᠂ ᠲᠡᠯᠭᠡᠨ ᠦᠵᠡᠬᠦᠯᠭᠡ ᠶᠢᠨ | ᠰᠢᠭᠦᠮᠵᠢ ᠶᠢ 1.4 ᠲᠦᠮᠡ ᠭᠠᠷᠤᠶ ᠵᠤᠷᠪᠤᠰ ᠬᠦᠯᠢᠶᠡᠨ ᠠᠪᠤᠪᠠ᠃ | ᠭᠤᠷᠪᠠ ᠳᠤ᠂ ᠳᠡᠯᠭᠡᠴᠡ ᠪᠠᠷ ᠭᠦᠢᠴᠡᠳᠬᠡᠵᠦ᠂ ᠴᠢᠨᠠᠷ ᠰᠠᠶᠢᠲᠠᠢ ᠵᠠᠰᠠᠭ ᠤᠨ ᠶᠠᠪᠤᠳᠠᠯ ᠤᠨ ᠬᠤᠷᠳᠤᠴᠠ ᠶᠢ | ᠳᠡᠭᠡᠭᠰᠢᠯᠡᠭᠦᠯᠦᠨ᠎ᠡ᠃ ︽ᠵᠠᠰᠠᠭ ᠤᠨ ᠶᠠᠪᠤᠳᠠᠯ ᠤᠨ ᠡᠭᠦᠯᠡᠨ ᠰᠢᠭᠤᠳ ᠨᠡᠪᠲᠡᠷᠡᠭᠦᠯᠭᠡ︾ ᠨᠢ ᠲᠤᠬᠠᠶᠢᠯᠠᠭᠰᠠᠨ | ᠠᠵᠢᠯ ᠤᠨ ᠲᠠᠶᠢᠯᠤᠮᠵᠢ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠬᠠᠷᠠᠭᠠᠨ ᠳᠠᠪᠲᠠᠮᠵᠢ ᠶᠢᠨ ᠵᠢᠯᠣᠭᠤᠳᠣᠯᠭ᠎ᠠ | ᠵᠡᠷᠭᠡ ᠦᠢᠯᠡᠴᠢᠯᠡᠭᠡ ᠶᠢ ᠬᠠᠩᠭᠠᠭᠰᠠᠨ ᠰᠠᠭᠤᠷᠢᠨ ᠳᠡᠭᠡᠷ᠎ᠡ᠂ ᠡᠯ᠎ᠡ ᠴᠣᠩᠬᠤᠪᠴᠢ ᠪᠠᠷ ᠣᠷᠣᠵᠤ᠂ ᠣᠯᠠᠨ | ᠲᠦᠮᠡᠨ ᠲᠠᠢ ᠨᠢᠭᠤᠷᠲᠠᠨ ᠰᠤᠷᠪᠤᠯᠵᠢᠯᠠᠬᠤ ᠬᠡᠯᠪᠡᠷᠢ ᠪᠠᠷ ᠰᠢᠭᠤᠳ ᠨᠡᠪᠲᠡᠷᠡᠭᠦᠯᠪᠡ᠃ ᠭᠠᠷᠠᠭ ᠪᠦᠷᠢ ᠲᠣᠭᠲᠠᠮᠠᠯ | ᠬᠤᠭᠤᠴᠠᠭ᠎ᠠ ᠲᠠᠢ ᠪᠠᠷ ︽ᠨᠡᠪᠲᠡᠷᠡᠭᠦᠯᠬᠦ ᠶᠢᠨ ᠳᠠᠭᠠᠤ ᠭᠦᠢᠴᠡᠳᠭᠡᠬᠦ︾ ᠶᠢ ᠥᠷᠨᠢᠭᠦᠯᠵᠦ᠂ ︽ᠡᠭᠦᠯᠡᠨ ᠳᠡᠭᠡᠷᠡᠬᠢ | ᠭᠤᠮᠣᠳᠠᠯ ᠱᠠᠭᠠᠷᠳᠠᠯᠭ᠎ᠠ︾ ᠶᠢ ︽ᠰᠢᠭᠤᠳ ᠨᠡᠪᠲᠡᠷᠡᠭᠦᠯᠭᠡ︾ ᠪᠠᠷ ᠬᠢᠨᠠᠨ ᠵᠥᠪᠰᠢᠶᠡᠷᠡᠬᠦ ᠠᠵᠢᠯᠲᠠᠨ ᠳᠤ | ᠳᠠᠮᠵᠢᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠭᠡᠬᠦ᠂ ᠨᠢᠭᠡ ᠤᠳᠠᠭ᠎ᠠ ᠳᠤ ᠰᠠᠶᠢᠲᠤᠷ ᠭᠦᠢᠴᠡᠳᠭᠡᠬᠦ︾ ᠶᠢ ᠦᠨᠡᠨ ᠬᠦ ᠮᠡᠳᠡᠷᠡᠭᠦᠯᠦᠨ᠎ᠡ᠃ |