ᠨᠢᠩᠴᠧᠩ ᠰᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠬᠢᠲᠠᠳ ᠮᠣᠩᠭᠤᠯ ᠡᠮ ᠡᠮᠨᠡᠯᠭᠡ ᠶᠢᠨ ᠣᠨᠴᠠᠯᠢᠭᠲᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/6/26
    ᠨᠢᠭᠡ ᠳᠤ ︽ᠳᠠᠭᠠᠭᠤᠯᠤᠭᠴᠢ︾ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠤᠯᠠᠭᠠᠨ ᠫᠷᠤᠹᠧᠰᠰᠤᠷ ᠤᠨ ᠪᠦᠯᠬᠦᠮ ᠲᠠᠢ ᠬᠠᠮᠲᠤᠷᠠᠨ ︽ᠤᠯᠤᠰ ᠤᠨ ᠴᠢ ᠬᠤᠸᠠᠩ ᠡᠷᠳᠡᠮᠳᠡᠨ ᠤ ᠠᠵᠢᠯᠯᠠᠬᠤ ᠲᠠᠰᠤᠭ︾ ᠢ ᠪᠠᠶᠢᠭᠤᠯᠵᠤ᠂ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ︽  ᠭᠤᠷᠪᠠᠳᠤᠭᠠᠷ ᠬᠥᠬᠡ ᠳᠡᠰ︾ ᠤᠨ ᠡᠮᠨᠡᠯᠭᠡ ᠶᠢᠨ ᠬᠤᠷᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠳᠤᠮᠳᠠᠬᠢ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠪᠠᠨ ᠶᠡᠭᠡ ᠲᠥᠷᠥᠯ ᠤᠨ 88 ᠵᠦᠢᠯ ᠤᠨ ᠬᠢᠲᠠᠳ ᠡᠮᠨᠡᠯᠭᠡ ᠶᠢᠨ ᠡᠮ ᠤᠨ ᠪᠤᠰᠤ ᠠᠷᠭ᠎ᠠ ᠶᠢ ᠬᠠᠮᠤᠷᠴᠤ᠂ 12 ᠶᠡᠭᠡ ᠲᠥᠷᠥᠯ ᠤᠨ 45 ᠵᠦᠢᠯ ᠤᠨ ᠮᠣᠩᠭᠤᠯ ᠡᠮᠨᠡᠯᠭᠡ ᠶᠢᠨ ᠡᠮ ᠤᠨ ᠪᠤᠰᠤ ᠠᠷᠭ᠎ᠠ ᠶᠢ ᠬᠠᠮᠤᠷᠴᠤ᠂ ᠵᠡᠭᠦᠦ ᠲᠥᠭᠡᠨᠡᠯᠭᠡ ᠶᠢ ᠪᠦᠷᠢᠨ ᠪᠦᠷᠬᠦᠭᠦᠯᠬᠦ᠂ ᠡᠷᠡᠭᠦᠯᠵᠢᠭᠦᠯᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃    ᠬᠤᠶᠠᠷ ᠲᠤ᠂ ᠰᠠᠭᠤᠷᠢ ᠵᠠᠩᠭᠢᠯᠠᠭ᠎ᠠ ᠶᠢᠨ ᠭᠤᠭᠴᠤᠭ᠎ᠠ ᠶᠢ ᠪᠠᠬᠢᠵᠢᠭᠦᠯᠦᠨ᠎ᠡ᠃ ᠬᠢᠲᠠᠳ ᠡᠮ ᠡᠮᠨᠡᠯᠭᠡ ᠶᠢᠨ ᠴᠢᠨᠠᠷ ᠢ ᠡᠵᠡᠮᠳᠡᠬᠦ ᠲᠥᠪ ᠢ ᠪᠠᠶᠢᠭᠤᠯᠤᠨ᠂ ᠡᠯ᠎ᠡ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠴᠥᠮ ᠬᠢᠲᠠᠳ ᠡᠮᠨᠡᠯᠭᠡ ᠶᠢᠨ ᠣᠷᠳᠣᠨ ᠲᠣᠬᠢᠷᠠᠭᠤᠯᠤᠨ ᠪᠠᠶᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ︵ᠥᠷᠲᠡᠭᠡ︶ ᠢ 96 ᠪᠠᠶᠢᠭᠤᠯᠪᠠ᠃ ᠣᠳᠣᠬᠠᠨ ᠳᠤ᠂ ᠮᠠᠨ ᠤ ᠰᠢᠶᠠᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ 6 ᠲᠥᠷᠥᠯ ᠠᠴᠠ ᠳᠡᠭᠡᠭᠰᠢᠬᠢ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠪᠠ ᠬᠡᠷ ᠪᠦᠯᠢ ᠶᠢᠨ ᠡᠮᠴᠢ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠵᠦ᠂ ᠬᠢᠲᠠᠳ ᠡᠮ ᠡᠮᠨᠡᠯᠭᠡ ᠶᠢᠨ ᠣᠨᠣᠰᠢᠯᠠᠨ ᠡᠮᠨᠡᠬᠦ ᠬᠥᠮᠦᠨ ᠤᠳᠠᠭ᠎ᠠ ᠶᠢᠨ ᠡᠵᠡᠯᠡᠬᠦ ᠬᠠᠷᠢᠴᠠᠯ ᠢ 35% ᠠᠴᠠ ᠳᠡᠭᠡᠭᠰᠢ ᠳᠤ ᠬᠦᠷᠪᠡ᠃    ᠭᠤᠷᠪᠠ ᠳᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠶᠢ ᠴᠢᠩᠭᠠᠳᠬᠠᠨ᠎ᠠ᠃ ᠣᠶᠢᠷ᠎ᠠ ᠶᠢᠨ ᠵᠢᠯ ᠤᠳ ᠲᠤ᠂ ︽ᠰᠠᠭᠠᠳ ᠥᠬᠡᠶ ᠨᠡᠪᠲᠡᠷᠡᠬᠦ ᠵᠠᠮ︾ ᠪᠠ ᠢᠯᠡ ᠪᠠᠷ ᠤᠷᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠤᠮᠳᠠᠳᠤ ᠮᠣᠩᠭᠤᠯ ᠤᠨ ᠠᠨᠠᠭᠠᠬᠤ ᠤᠬᠠᠭᠠᠨ ᠤ ᠮᠠᠰᠲ᠋ᠧᠷ᠂ ᠬᠢᠲᠠᠳ ᠮᠣᠩᠭᠤᠯ ᠡᠮ ᠡᠮᠨᠡᠯᠭᠡ ᠶᠢᠨ ᠲᠤᠰᠬᠠᠶ ᠮᠡᠷᠭᠡᠵᠢᠯ ᠤᠨ 5 ᠠᠵᠢᠯᠲᠠᠨ ᠢ ᠣᠷᠣᠭᠤᠯᠤᠨ ᠠᠪᠴᠢᠷᠠᠵᠠᠶ᠃ ᠦᠨᠳᠦᠰᠦᠨ ᠱᠠᠲᠤᠨ ᠤ ᠡᠮᠴᠢᠯᠡᠭᠡᠨ ᠤ ᠮᠡᠷᠭᠡᠵᠢᠯ ᠤᠨ ᠠᠵᠢᠯᠲᠠᠨ ᠤ ᠬᠢᠲᠠᠳ ᠮᠣᠩᠭᠤᠯ ᠡᠮ ᠡᠮᠨᠡᠯᠭᠡ ᠶᠢᠨ ᠲᠣᠬᠢᠷᠠᠮᠵᠢᠲᠠᠶ ᠮᠡᠷᠭᠡᠵᠢᠯ ᠤᠨ ᠪᠤᠯᠪᠠᠰᠤᠷᠠᠯ ᠤᠨ ᠠᠵᠢᠯ ᠢ ᠢᠳᠡᠪᠬᠢᠲᠡᠶ ᠥᠷᠨᠢᠭᠦᠯᠵᠦ᠂ ᠨᠡᠶᠢᠲᠡ 2000 ᠬᠥᠮᠦᠨ ᠤᠳᠠᠭ᠎ᠠ ᠶᠢ ᠪᠤᠯᠪᠠᠰᠤᠷᠠᠯ ᠳᠤ ᠤᠷᠤᠯᠴᠠᠭᠤᠯᠪᠠ᠃ 2022 ᠣᠨ ᠠᠴᠠ ᠡᠬᠢᠯᠡᠨ᠂ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯᠤᠨ ᠯᠢᠶᠣᠤᠨᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠬᠠᠮᠲᠤᠷᠠᠨ᠂ 27 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠪᠡ᠃    ᠲᠦᠷᠪᠡ ᠳᠤ᠂ ᠤᠨᠴᠠᠯᠢᠬᠳᠤ ᠳᠠᠪᠠᠭᠤᠯᠢᠭ ᠦᠢᠯᠡᠴᠢᠯᠡᠭᠡ ᠶᠢ ᠪᠤᠢ ᠪᠣᠯᠭᠠᠨ᠎ᠠ᠃ ︽ᠡᠪᠡᠳᠴᠢᠯᠡᠬᠦ ᠠᠴᠠ ᠡᠮᠦᠨ᠎ᠡ ᠵᠠᠰᠠᠬᠤ︾ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠭᠦᠦ᠂ ᠡᠮ᠂ ᠲᠥᠭᠡᠨᠡᠯᠭᠡ ᠵᠡᠷᠭᠡ ᠬᠢᠲᠠᠳ ᠡᠮ ᠤᠨ ᠤᠯᠠᠮᠵᠢᠯᠠᠯᠲᠤ ᠵᠠᠰᠠᠯ ᠢ ᠬᠡᠷᠡᠭᠯᠡᠨ᠂ ᠣᠳᠣᠬᠠᠨ ᠳᠤ ᠡᠳᠦᠷ ᠲᠤ ᠪᠠᠷᠤᠭ 60 - 90 ᠬᠥᠮᠥᠨ ᠭᠥᠯᠢᠶᠡᠨ ᠠᠪᠴᠤ᠂ ᠣᠲᠣ ᠪᠠᠶᠢᠭ᠎ᠠ ᠡᠮ ᠤᠨ ᠪᠤᠰᠤ ᠵᠠᠰᠠᠯᠭ᠎ᠠ 73 ᠵᠦᠢᠯ ᠪᠠᠶᠢᠨ᠎ᠠ᠃     ᠲᠠᠪᠤ ᠳᠤ ᠰᠣᠶᠣᠯ ᠤᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠨ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠢᠲᠠᠳ ᠡᠮ ᠡᠮᠨᠡᠯᠭᠡ ᠶᠢᠨ ᠰᠣᠶᠣᠯ ᠤᠨ ᠮᠡᠳᠡᠯᠭᠡ ᠶᠢᠨ ᠪᠤᠯᠤᠩ ᠢ ᠪᠣᠶ ᠪᠣᠯᠭᠠᠬᠤ ᠪᠠᠷ ᠳᠠᠮᠵᠢᠭᠤᠯᠤᠨ᠂ ︽ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠷᠡᠭᠦᠯ ᠮᠡᠨᠳᠦ︾ ᠲᠧᠯᠸᠢᠰ ᠤᠨ ᠲᠤᠰᠬᠠᠶ ᠰᠤᠷᠪᠤᠯᠵᠢᠯᠠᠭ᠎ᠠ ᠶᠢᠨ ᠪᠤᠯᠤᠩ ᠢ ᠭᠠᠷᠭᠠᠵᠤ᠂ ᠬᠢᠲᠠᠳ ᠡᠮ ᠡᠮᠨᠡᠯᠭᠡ ᠶᠢᠨ ᠰᠣᠶᠣᠯ ᠤᠨ ︽ᠲᠠᠪᠤ ᠶᠢ ᠣᠷᠣᠭᠤᠯᠬᠤ︾ ᠶᠢ ᠥᠷᠨᠢᠭᠦᠯᠵᠦ᠂ ᠡᠷᠡᠭᠦᠯ ᠮᠡᠨᠳᠦ ᠶᠢᠨ ᠭᠤᠤᠯ ᠰᠡᠳᠦᠪᠲᠦ ᠠᠭᠤᠳᠠᠮ ᠲᠠᠯᠠᠪᠠᠶ ᠵᠢᠴᠢ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠰᠣᠶᠣᠯ ᠤᠨ ᠭᠤᠤᠯ ᠰᠡᠳᠦᠪᠲᠦ ᠬᠦᠷᠢᠶᠡᠯᠡᠩ ᠢ ᠡᠭᠦᠳᠦᠨ ᠪᠠᠶᠢᠭᠤᠯᠬᠤ ᠵᠡᠷᠭᠡ ᠠᠵᠢᠯᠯᠠᠭ᠎ᠠ ᠶᠢ 10 ᠭᠠᠷᠤᠶ ᠤᠳᠠᠭ᠎ᠠ ᠥᠷᠨᠢᠭᠦᠯᠵᠦ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠰᠣᠶᠣᠯ ᠤᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号