| | | | ᠨᠢᠭᠡ ᠳᠤ᠂ ᠦᠨᠡᠯᠡᠯᠲᠡ ᠶᠢᠨ ᠰᠣᠩᠭᠤᠯᠲᠠ᠂ ᠦᠨᠡᠯᠡᠯᠲᠡ ᠶᠢᠨ ᠪᠠᠷᠢᠮᠵᠢᠶ᠎ᠠ ᠶᠢ ᠤᠯᠠᠨ ᠬᠡᠯᠪᠡᠷᠢ ᠪᠠᠷ | ᠨᠠᠷᠢᠯᠢᠬᠵᠢᠭᠤᠯᠪᠠ᠃ ᠦᠢᠯᠡᠴᠢᠯᠡᠭᠡᠨ ᠤ ᠴᠣᠩᠬᠤ ᠨᠢᠭᠡᠪᠦᠷᠢ ᠨᠢ ︽ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ | ᠶᠢᠨ ᠦᠨᠡᠯᠡᠯᠲᠡ ᠶᠢᠨ ᠮᠠᠰᠢᠨ ᠢ ᠳᠣᠭᠢᠷᠠᠭᠤᠯᠵᠤ᠂ ᠦᠨᠡᠯᠡᠯᠲᠡ ᠶᠢ ︽ᠮᠠᠰᠢ ᠬᠠᠨᠤᠮᠵᠢᠲᠠᠶ︾᠂ ︽ᠬᠠᠨᠤᠮᠵᠢᠲᠠᠶ︾᠂ | ︽ ᠬᠠᠨᠤᠮᠵᠢᠲᠠᠶᠢᠬᠠᠨ︾ ︽ᠬᠠᠨᠤᠮᠵᠢ ᠥᠬᠡᠶ︾ ᠭᠡᠵᠦ ᠳᠥᠷᠪᠡᠨ ᠲᠠᠰ ᠬᠤᠪᠢᠶᠠᠵᠤ᠂ ᠣᠯᠠᠨ ᠲᠦᠮᠡᠨ ᠳᠤ ᠣᠯᠠᠨ | ᠶᠠᠩᠵᠤ ᠶᠢᠨ ᠰᠣᠩᠭᠤᠯᠲᠠ ᠬᠠᠩᠭᠠᠵᠤ᠂ ᠠᠵᠢᠯ ᠶᠠᠪᠤᠳᠠᠯ ᠬᠦᠢᠴᠡᠳᠭᠡᠵᠦ ᠪᠠᠶᠢᠭ᠎ᠠ ᠣᠯᠠᠨ ᠲᠦᠮᠡᠨ ᠢ ︽ | ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ ᠶᠢᠨ ᠠᠵᠢᠯ ᠳᠤ ᠢᠳᠡᠪᠬᠢᠲᠡᠶ ᠣᠷᠣᠯᠴᠠᠭᠤᠯᠵᠤ᠂ ︽ᠬᠥᠮᠦᠨ | ᠪᠦᠬᠦᠨ ᠦᠨᠡᠯᠡᠵᠦ ᠪᠣᠯᠬᠤ᠂ ᠬᠥᠮᠦᠨ ᠪᠦᠬᠦᠨ ᠦᠨᠡᠯᠡᠬᠦ ᠳᠤᠷᠠᠲᠠᠶ︾ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠵᠤ᠂ ᠴᠣᠩᠬᠤᠪᠴᠢ ᠶᠢᠨ ᠠᠵᠢᠯᠲᠠᠨ ᠤ ᠬᠢᠨᠠᠯᠲᠠ ᠶᠢ ᠴᠢᠩᠭᠠᠳᠬᠠᠨ᠂ ᠦᠢᠯᠡᠴᠢᠯᠡᠭᠡᠨ ᠤ ᠶᠠᠰᠤ ᠴᠢᠨᠠᠷ ᠢ ᠨᠠᠩ | ᠰᠠᠶᠢᠲᠤᠷ ᠳᠡᠭᠡᠭᠰᠢᠯᠡᠭᠦᠯᠪᠡ᠃ | ᠬᠤᠶᠠᠷ ᠲᠤ᠂ ᠣᠯᠠᠨ ᠡᠰᠢᠵᠢᠭᠰᠡᠨ ᠦᠨᠡᠯᠡᠬᠦ ᠠᠷᠭ᠎ᠠ ᠮᠠᠶ᠋ᠢᠭ ᠢ ᠰᠠᠶᠢᠵᠢᠷᠠᠭᠤᠯᠵᠤ᠂ ᠦᠨᠡᠯᠡᠬᠦ ᠠᠷᠭ᠎ᠠ ᠵᠠᠮ ᠢ | ᠰᠢᠯᠤᠭᠤᠳᠬᠠᠨ᠎ᠠ᠃ ᠶᠡᠭᠡ ᠲᠢᠩᠬᠢᠮ ᠳᠤ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠠᠵᠢᠯ ᠶᠠᠪᠤᠳᠠᠯ | ᠭᠦᠢᠴᠡᠳᠭᠡᠬᠦ ᠴᠣᠩᠬᠤᠨ ᠳᠤ ᠪᠠᠶᠢᠷᠢᠯᠠᠭᠤᠯᠤᠭᠰᠠᠨ ︽ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ ᠶᠢᠨ | ᠦᠨᠡᠯᠡᠭᠦᠷ ᠤᠨ ᠲᠤᠬᠠᠶ ᠶᠢᠨ ᠲᠠᠯᠠᠪᠤᠷ ᠤᠨ ᠦᠨᠡᠯᠡᠯᠲᠡ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠵᠢᠴᠢ ᠮᠥᠩᠬᠡ ᠰᠤᠪᠠᠭ ᠤᠨ APP ᠶᠢᠨ ᠦᠨᠡᠯᠡᠯᠲᠡ᠂ ᠨᠢᠩᠴᠧᠩ ᠤᠨ ᠵᠠᠰᠠᠭ ᠤᠨ | ᠶᠠᠪᠤᠳᠠᠯ ᠤᠨ ᠲᠥᠪ ᠤᠨ ᠲᠤᠰᠬᠠᠶ ᠲᠣᠬᠢᠷᠠᠭᠤᠯᠤᠭᠰᠠᠨ ︽ᠭᠠᠷ ᠤᠨ ᠠᠶ᠎ᠠ ᠪᠠᠷ ᠦᠨᠡᠯᠡᠬᠦ︾ ᠵᠢᠵᠢᠭ ᠫᠷᠤᠭ᠍ᠷᠠᠮ ᠢᠶᠠᠷ | ᠦᠨᠡᠯᠡᠯᠲᠡ ᠬᠢᠬᠦ᠂ 0476 - 4272345 ᠵᠠᠰᠠᠭ ᠤᠨ ᠶᠠᠪᠤᠳᠠᠯ ᠤᠨ ᠲᠥᠪ ᠤᠨ ᠤᠲᠠᠰᠤ ᠪᠠᠷ ᠵᠠᠭᠠᠯᠳᠤᠬᠤ | ᠠᠵᠢᠯ ᠤᠨ ᠦᠨᠡᠯᠡᠯᠲᠡ᠂ ᠰᠦᠯᠵᠢᠶᠡᠨ ᠭᠠᠳᠠᠨᠠᠬᠢ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ | ᠬᠡᠯᠪᠡᠷᠢ ᠪᠠᠷ ᠦᠨᠡᠯᠡᠯᠲᠡ ᠬᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠤᠨ ︽ | ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠤᠨ᠎ᠠ᠃ | ᠭᠤᠷᠪᠠ ᠳᠤ᠂ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠡᠰ ᠳᠡᠪᠰᠢᠬᠦ ᠶᠢ | ᠠᠬᠢᠭᠤᠯᠪᠠ᠃ ︽ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ ᠶᠢᠨ ᠳᠣᠲᠣᠭᠠᠳᠤ ᠳᠠᠭᠠᠨ ᠮᠡᠳᠡᠭᠡᠯᠡᠬᠦ ᠲᠦᠷᠢᠮ᠂ | ᠮᠠᠭᠤ ᠦᠨᠡᠯᠡᠯᠲᠡ ᠳᠤ ᠬᠠᠷᠢᠭᠤ ᠰᠤᠷᠪᠤᠯᠵᠢᠯᠠᠬᠤ ᠲᠦᠷᠢᠮ ᠢᠶᠠᠷ ᠳᠠᠮᠵᠢᠭᠤᠯᠤᠨ᠂ ︽ᠬᠡᠨ ᠰᠢᠢᠳᠪᠦᠷᠢᠯᠡᠪᠡᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ᠠᠵᠢᠯᠲᠠᠨ ᠢ ᠭᠡᠳᠡᠷᠭᠦ ᠰᠢᠬᠠᠮᠳᠠᠭᠤᠯᠵᠤ ᠪᠠᠶᠢᠭᠠᠳ ᠦᠢᠯᠡᠴᠢᠯᠡᠭᠡᠨ ᠤ | ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠬᠠᠷᠢᠭᠤᠴᠠᠯᠭ᠎ᠠ ᠪᠠᠨ ᠪᠠᠲᠤᠳᠬᠠᠪᠠ᠃ ᠡᠭᠦᠨ ᠤ ᠬᠠᠮᠲᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ | ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠡᠳᠦᠷ | ᠲᠤᠲᠤᠮ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠪᠠᠯᠠᠶ ᠴᠡᠭ᠂ ᠲᠦᠭᠵᠢᠷᠡᠯ ᠤᠨ ᠴᠡᠭ᠂ ᠡᠪᠡᠷᠰᠢᠶᠡᠯ ᠤᠨ | ᠴᠡᠭ ᠢ ᠴᠠᠭ ᠲᠤᠬᠠᠶ ᠳᠤᠨᠢ ᠢᠯᠡᠷᠡᠭᠦᠯᠵᠦ᠂ ᠡᠬᠢ ᠡᠭᠦᠰᠦᠯ ᠠᠴᠠ ᠨᠢ ᠵᠠᠳᠠᠯᠵᠤ᠂ ᠵᠠᠳᠠᠯᠤᠯᠲᠠ ᠬᠢᠵᠦ᠂ | ᠦᠢᠯᠡᠴᠢᠯᠡᠭᠡ ᠶᠢ ᠠᠬᠢᠭᠤᠯᠵᠤ᠂ ᠬᠦᠴᠢᠷ ᠠᠰᠠᠭᠤᠳᠠᠯ ᠢ ᠣᠨᠣᠪᠴᠢᠲᠠᠶ ᠪᠠᠶᠢᠷᠢ ᠲᠣᠭᠲᠠᠭᠠᠵᠤ ᠰᠢᠢᠳᠪᠦᠷᠢᠯᠡᠨ᠂ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃ 2023 | ᠣᠨ ᠤ ︽ᠦᠢᠯᠡᠴᠢᠯᠡᠭᠡᠨ ᠤ ᠬᠠᠨᠤᠮᠵᠢ ᠶᠢᠨ ᠦᠨᠡᠯᠡᠯᠲᠡ︾ ᠶᠢᠨ ᠰᠢᠰᠲ᠋ᠧᠮ ᠢ ᠠᠵᠢᠯᠯᠠᠭᠤᠯᠤᠭᠰᠠᠨ ᠠᠴᠠ ᠨᠠᠰᠢᠬᠢ | ᠦᠨᠡᠯᠡᠯᠲᠡ ᠶᠢᠨ ᠶᠡᠷᠦᠩᠬᠡᠶ ᠲᠤᠭ᠎ᠠ 435504 ᠵᠤᠷᠪᠤᠰ᠂ ᠰᠠᠶᠢᠨ ᠦᠨᠡᠯᠡᠯᠲᠡ ᠲᠠᠢ ᠨᠣᠷᠮ᠎ᠠ ᠨᠢ 99.99% ᠳᠤ | ᠬᠦᠷᠴᠦ᠂ ᠣᠯᠠᠨ ᠲᠦᠮᠡᠨ ᠤ 300 ᠭᠠᠷᠤᠶ ᠬᠤᠪᠢ ᠲᠠᠯᠠᠷᠬᠠᠯ ᠤᠨ ᠲᠤᠭ ᠢ ᠬᠦᠯᠢᠶᠡᠨ ᠠᠪᠴᠤ᠂ ᠠᠵᠢᠯ ᠶᠠᠪᠤᠳᠠᠯ | ᠭᠦᠢᠴᠡᠳᠭᠡᠬᠦ ᠣᠯᠠᠨ ᠲᠦᠮᠡᠨ ᠪᠠ ᠦᠢᠯᠡᠴᠢᠯᠡᠬᠦ ᠡᠲᠡᠭᠡᠳ ᠤᠨ ᠲᠤᠰᠬᠠᠭᠰᠠᠨ ᠠᠰᠠᠭᠤᠳᠠᠯ ᠤᠨ ᠰᠠᠨᠠᠯ ᠢ ᠨᠡᠶᠢᠲᠡ 2 | ᠵᠤᠷᠪᠤᠰ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 100% ᠳᠤ ᠬᠦᠷᠪᠡ᠃ | | |