ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠬᠡᠮ ᠬᠢᠬᠦ ᠪᠠᠭᠠᠵᠢ ᠬᠡᠷᠡᠭᠰᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/6/3
   2024 ᠣᠨ ᠤ ᠳᠤᠮᠳᠠᠳᠤ ᠳᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠬᠦᠷᠴᠦ ᠢᠷᠡᠬᠦ ᠲᠠᠰᠢᠷᠠᠮ ᠢᠶᠠᠷ᠂ ᠥᠷᠭᠡᠨ ᠣᠯᠠᠨ ᠰᠢᠯᠭᠠᠭᠤᠯᠤᠭᠰᠠᠳ ᠲᠤ ᠡᠷᠬᠡ ᠲᠡᠭᠰᠢ ᠲᠥᠪ ᠭᠤᠤᠯᠴᠢ ᠰᠢᠯᠭᠠᠯᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠺᠲᠷᠣᠨ ᠪᠠᠭᠠᠵᠢ ᠬᠡᠷᠡᠭᠰᠡᠯ ᠢ ᠠᠰᠢᠭᠯᠠᠨ ᠬᠡᠮ ᠬᠢᠬᠦ ᠠᠵᠢᠯᠯᠠᠭ᠎ᠠ ᠳᠤ ᠲᠥᠪᠯᠡᠷᠡᠭᠦᠯᠦᠨ ᠴᠣᠬᠢᠯᠲᠠ ᠥᠭᠬᠦ ᠶᠢᠨ ᠲᠥᠯᠥᠭᠡ᠂ ᠣᠶᠢᠷ᠎ᠠ ᠳᠤ ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠬᠡᠮ ᠬᠢᠬᠦ ᠪᠠᠭᠠᠵᠢ ᠬᠡᠷᠡᠭᠰᠡᠯ ᠤᠨ ᠲᠤᠰᠬᠠᠶ ᠪᠠᠶᠢᠴᠠᠭᠠᠯᠲᠠ ᠥᠷᠨᠢᠭᠦᠯᠪᠡ᠃    ᠲᠣᠰ ᠤᠳᠠᠭ᠎ᠠ ᠭᠤᠤᠯᠳᠠᠭᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠢᠴᠢ ᠪᠤᠰᠤᠳ ᠠᠰᠠᠭᠤᠳᠠᠯ ᠠᠮᠠᠷᠬᠠᠨ ᠡᠭᠦᠰᠬᠦ ᠣᠷᠣᠨ ᠪᠦᠰᠡ᠂ ᠢᠯᠠᠩᠭᠤᠶ᠎ᠠ ᠬᠡᠲᠦ ᠳᠡᠯᠭᠡᠭᠦᠷ᠂ ᠰᠢᠯᠭᠠᠯᠲᠠ ᠶᠢᠨ ᠬᠡᠷᠡᠭᠰᠡᠯ ᠤᠨ ᠳᠡᠯᠭᠡᠭᠦᠷ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠳᠡᠯᠭᠡᠭᠦᠷ ᠢ ᠵᠢᠭᠰᠠᠭᠠᠨ ᠪᠠᠶᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠳᠣᠲᠣᠷᠠᠬᠢ ᠡᠯ᠎ᠡ ᠲᠥᠷᠥᠯ ᠤᠨ ᠰᠢᠯᠭᠠᠯᠲᠠ ᠶᠢᠨ ᠬᠡᠷᠡᠭᠰᠡᠯ ᠤᠨ ᠳᠡᠯᠭᠡᠭᠦᠷ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠳᠡᠯᠭᠡᠭᠦᠷ ᠤᠨ ᠡᠵᠡᠩᠨᠡᠯᠲᠡ ᠶᠢᠨ ᠦᠨᠡᠮᠯᠡᠯ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ᠂ ᠪᠠᠷᠠᠭ᠎ᠠ ᠣᠷᠣᠭᠤᠯᠬᠤ ᠢᠷᠡᠯᠲᠡ ᠵᠢᠴᠢ ᠪᠣᠷᠣᠯᠠᠭᠤᠯᠭ᠎ᠠ ᠶᠢᠨ ᠡᠬᠡ ᠲᠠᠩᠰᠠ ᠶᠢ ᠨᠠᠷᠢᠨ ᠪᠠᠶᠢᠴᠠᠭᠠᠵᠤ᠂ ᠰᠢᠯᠭᠠᠯᠲᠠ ᠳᠤ ᠬᠡᠮ ᠬᠢᠭᠰᠡᠨ ᠰᠡᠵᠢᠭᠯᠡᠯᠲᠡᠶ ᠦᠢᠯᠡᠳᠪᠦᠷᠢ ᠶᠢᠨ ᠨᠡᠷ᠎ᠡ᠂ ᠦᠢᠯᠡᠳᠪᠦᠷᠢ ᠶᠢᠨ ᠬᠠᠶ᠋ᠢᠭ᠂ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ︽ᠭᠤᠷᠪᠠ ᠦᠭᠡᠢ︾ ᠡᠯᠧᠺᠲᠷᠣᠨ ᠦᠢᠯᠡᠳᠬᠦᠨ᠂ ᠭᠤᠷᠪᠠ ᠦᠭᠡᠢ ᠪᠢᠴᠢᠭ ᠤᠨ ᠬᠡᠷᠡᠭᠰᠡᠯ ᠵᠡᠷᠭᠡ ᠶᠢ ᠪᠣᠷᠣᠯᠠᠭᠤᠯᠤᠭᠰᠠᠨ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠰᠢᠯᠭᠠᠯᠲᠠ ᠶᠢᠨ ᠴᠡᠭ ᠵᠢᠴᠢ ᠡᠷᠭᠢᠨ ᠲᠣᠭᠤᠷᠢᠨ ᠤ ᠰᠤᠷᠤᠭᠴᠢᠳ ᠤᠨ ᠬᠡᠷᠡᠭᠰᠡᠯ ᠤᠨ ᠳᠡᠯᠭᠡᠭᠦᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠰᠢᠯᠭᠠᠯᠲᠠ ᠳᠤ ᠬᠡᠮ ᠬᠢᠭᠰᠡᠨ ᠡᠯᠧᠺᠲᠷᠣᠨ ᠲᠥᠬᠦᠭᠡᠷᠦᠮᠵᠢ᠂ ᠬᠦᠯᠢᠶᠡᠨ ᠠᠪᠴᠤ ᠰᠣᠨᠣᠰᠬᠤ ᠲᠥᠬᠦᠭᠡᠷᠦᠮᠵᠢ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠡᠭᠦᠨ ᠤ ᠬᠠᠮᠲᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠰᠢᠯᠭᠠᠯᠲᠠ ᠳᠤ ᠬᠡᠮ ᠬᠢᠬᠦ ᠪᠠᠭᠠᠵᠢ ᠬᠡᠷᠡᠭᠰᠡᠯ ᠢ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠬᠢᠨ᠎ᠡ᠃ ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠤᠳᠠᠯᠳᠤᠭᠠᠴᠢᠨ ᠡᠷᠦᠬᠡ ᠳᠤ ᠬᠠᠤᠯᠢ ᠪᠤᠰᠤ ᠪᠠᠷ ᠬᠡᠮ ᠬᠢᠬᠦ ᠮᠠᠰᠢᠨ ᠪᠣᠷᠣᠯᠠᠭᠤᠯᠤᠭᠰᠠᠨ ᠦᠷ᠎ᠡ ᠳ᠋ᠦᠩ ᠢ ᠣᠶᠢᠯᠠᠭᠠᠭᠤᠯᠵᠤ᠂ ᠬᠤᠳᠠᠯᠳᠤᠭᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠡᠵᠡᠩᠨᠡᠯᠲᠡ ᠶᠢᠨ ᠣᠨᠣᠯᠵᠢᠬᠤᠨ ᠢ ᠪᠣᠶ ᠪᠣᠯᠭᠠᠵᠤ᠂ ᠥᠪᠡᠷ ᠢ ᠪᠠᠨ ᠱᠠᠭᠠᠷᠳᠠᠬᠤ ᠤᠬᠠᠮᠰᠠᠷ ᠢ ᠨᠢ ᠴᠢᠩᠭᠠᠷᠠᠭᠤᠯᠤᠨ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠵᠤ᠂ ᠰᠢᠯᠭᠠᠯᠲᠠ ᠳᠤ ᠬᠡᠮ ᠬᠢᠬᠦ ᠪᠠᠭᠠᠵᠢ ᠬᠡᠷᠡᠭᠰᠡᠯ ᠢ  ᠣᠷᠣᠭᠤᠯᠬᠤ ᠥᠬᠡᠶ᠂ ᠪᠣᠷᠣᠯᠠᠭᠤᠯᠬᠤ ᠥᠬᠡᠶ᠂ ᠲᠥᠪ ᠭᠤᠤᠯᠴᠢ ᠡᠮᠬᠢ ᠵᠢᠷᠤᠮ ᠲᠠᠢ ᠰᠢᠯᠭᠠᠯᠲᠠ ᠶᠢᠨ ᠣᠷᠴᠢᠨ ᠨᠥᠬᠦᠴᠡᠯ ᠢ ᠬᠠᠮᠠᠭᠠᠯᠠᠪᠠ᠃    ᠣᠲᠣ ᠪᠣᠯᠲᠠᠯ᠎ᠠ᠂ ᠬᠠᠮᠢᠶ᠎ᠠ ᠪᠥᠬᠦᠶ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 12 ᠪᠠᠶᠢᠴᠠᠭᠠᠵᠤ᠂ ᠬᠤᠯᠪᠣᠭᠳᠠᠯ ᠪᠥᠬᠦᠶ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠦᠷ ᠣᠯᠵᠤ ᠮᠡᠳᠡᠭᠰᠡᠨ ᠥᠬᠡᠶ᠃ ᠳᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠰᠢᠯᠭᠠᠯᠲᠠ ᠶᠢᠨ ᠲᠠᠯᠠᠪᠠᠢ ᠶᠢᠨ ᠡᠷᠬᠢᠨ ᠲᠣᠭᠤᠷᠢᠨ ᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠵᠠᠬ᠎ᠠ ᠳᠡᠯᠭᠡᠭᠦᠷ ᠤᠨ ᠲᠣᠭᠤᠷᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠥᠷᠭᠡᠨ ᠣᠯᠠᠨ ᠰᠢᠯᠭᠠᠭᠤᠯᠤᠭᠴᠢ ᠶᠢᠨ ᠤᠷᠤᠭᠰᠢᠲᠠᠶ ᠰᠢᠯᠭᠠᠯᠲᠠ ᠳᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号