| 6 ᠰᠠᠷ᠎ᠠ ᠶᠢᠨ 3 ᠤ ᠡᠳᠦᠷ᠂ ᠨᠢᠩᠴᠧᠩ ᠰᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠵᠥᠩ | ᠵᠢᠩ ᠠᠭᠤᠳᠠᠮ ᠲᠠᠯᠠᠪᠠᠶ ᠳᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ︾ ᠲᠤᠰᠬᠠᠶ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ | ᠲᠠᠯᠠᠪᠤᠷ ᠲᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠳ ᠬᠠᠤᠯᠢ ᠴᠠᠭᠠᠵᠠ ᠶᠢᠨ ᠲᠤᠰᠠᠯᠠᠮᠵᠢ | ᠭᠤᠶᠤᠴᠢᠯᠠᠬᠤ ᠠᠷᠭ᠎ᠠ ᠮᠠᠶ᠋ᠢᠭ᠂ ᠠᠵᠢᠯ ᠠᠴᠠ ᠪᠣᠯᠤᠭᠰᠠᠨ ᠭᠡᠮᠲᠦᠯ ᠤᠨ ᠲᠥᠯᠥᠪᠦᠷᠢ ᠶᠢᠨ ᠠᠯᠬᠤᠮ ᠳᠠᠷᠠᠭ᠎ᠠ ᠶᠢ | ᠮᠠᠭᠠᠳᠯᠠᠨ ᠲᠣᠭᠲᠠᠭᠠᠬᠤ᠂ ᠴᠠᠯᠢᠩ ᠥᠷᠢᠲᠦᠬᠦ ᠶᠢ ᠬᠡᠷᠬᠢᠨ ᠵᠦᠶ ᠵᠣᠬᠢᠰᠲᠠᠶ ᠨᠡᠬᠡᠮᠵᠢᠯᠡᠨ ᠠᠪᠬᠤ ᠵᠡᠷᠭᠡ ᠲᠠᠯ᠎ᠠ ᠶᠢᠨ | ᠬᠠᠤᠯᠢ ᠴᠠᠭᠠᠵᠠ ᠶᠢᠨ ᠠᠰᠠᠭᠤᠳᠠᠯ ᠤᠨ ᠲᠤᠬᠠᠶ ᠣᠯᠠᠨ ᠲᠦᠮᠡᠨ ᠳᠤ ᠨᠠᠷᠢᠨ ᠲᠣᠳᠣᠷᠬᠠᠶ ᠬᠠᠷᠢᠭᠤᠯᠲᠠ ᠥᠭᠴᠦ᠂ | ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠭᠤᠯᠤᠨ ᠲᠣᠰ | ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠬᠥᠲᠥᠯᠦᠨ ᠵᠢᠯᠣᠭᠤᠳᠪᠠ᠃ ᠡᠭᠦᠨ ᠤ ᠬᠠᠮᠲᠤ | ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ | ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠬᠥᠯᠥᠰᠥᠨ | ᠠᠵᠢᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ︾ ᠵᠡᠷᠭᠡ ᠬᠠᠤᠯᠢ ᠪᠠᠷ ᠵᠠᠰᠠᠬᠤ | ᠤᠬᠠᠭᠤᠯᠭ᠎ᠠ ᠶᠢᠨ ᠮᠠᠲ᠋ᠧᠷᠢᠶᠠᠯ ᠢ 500 ᠭᠠᠷᠤᠶ ᠬᠤᠪᠢ ᠲᠠᠷᠬᠠᠭᠠᠵᠤ᠂ ᠡᠯ᠎ᠡ ᠲᠥᠷᠥᠯ ᠤᠨ ᠬᠠᠤᠯᠢ ᠴᠠᠭᠠᠵᠠ ᠶᠢᠨ | ᠯᠠᠪᠯᠠᠭ᠎ᠠ ᠶᠢ 10 ᠭᠠᠷᠤᠶ ᠬᠥᠮᠦᠨ ᠤᠳᠠᠭ᠎ᠠ ᠭᠥᠯᠢᠶᠡᠨ ᠠᠪᠤᠪᠠ᠃ ᠡᠨᠡ ᠵᠢᠯ ᠠᠴᠠ ᠨᠠᠰᠢ᠂ ᠨᠢᠩᠴᠧᠩ ᠰᠢᠶᠠᠨ ᠤ | ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢᠭᠡᠨᠲᠡ 473 ᠬᠡᠷᠡᠭ ᠢ ᠰᠢᠢᠳᠪᠦᠷᠢᠯᠡᠵᠦ᠂ ᠡᠭᠦᠨ ᠳᠤ ᠬᠥᠯᠥᠰᠥᠨ | ᠠᠵᠢᠯᠴᠢᠨ ᠤ ᠴᠠᠯᠢᠩ ᠨᠡᠬᠡᠭᠰᠡᠨ ᠬᠡᠷᠡᠭ 315 ᠪᠠᠶᠢᠵᠤ᠂ 140 ᠭᠠᠷᠤᠢ ᠲᠦᠮᠡᠨ ᠲᠥᠭᠦᠷᠢᠭ ᠤᠨ ᠠᠵᠤ | ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠠᠢ᠃ |