ᠨᠢᠩᠴᠧᠩ ᠰᠢᠶᠠᠨ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠣᠷᠣᠭᠤᠯᠤᠯᠲᠠ ᠶᠢ ᠬᠦᠴᠦᠲᠡᠢ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2024/6/5
    ᠨᠢᠩᠴᠧᠩ ᠰᠢᠶᠠᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ︽ᠦᠨᠳᠦᠰᠦᠲᠡᠨ ᠤ ᠪᠦᠯᠬᠦᠮᠳᠡᠯ ᠢᠶᠠᠷ ᠪᠠᠯᠭᠠᠰᠤ ᠶᠢ ᠪᠠᠶᠢᠭᠤᠯᠬᠤ᠂ ᠲᠠᠷᠢᠶᠠᠯᠠᠩ ᠤᠨ ᠠᠵᠤ ᠦᠢᠯᠡᠰ ᠢᠶᠠᠷ ᠪᠠᠯᠭᠠᠰᠤ ᠶᠢ ᠪᠠᠶᠠᠵᠢᠭᠤᠯᠬᠤ᠂ ᠠᠮᠢ ᠠᠬᠤᠶ ᠶᠢᠨ ᠵᠢᠭᠤᠯᠴᠢᠯᠠᠯ ᠢᠶᠠᠷ ᠪᠠᠯᠭᠠᠰᠤ ᠶᠢ ᠮᠠᠨᠳᠤᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ 2023 ᠣᠨ ᠳᠤ ᠦᠷᠭᠦᠯᠵᠢᠯᠡᠨ ᠵᠢᠯ ᠳᠤ 4448.56 ᠲᠦᠮᠡᠨ ᠲᠥᠭᠦᠷᠢᠭ ᠤᠨ ᠵᠣᠯᠭᠠᠭᠤᠯᠬᠤ ᠪᠠᠯᠠ ᠮᠥᠩᠭᠦ ᠣᠷᠣᠭᠤᠯᠵᠤ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ 467 ᠲᠦᠮᠡᠨ ᠲᠥᠭᠦᠷᠢᠭ ᠪᠠᠶᠢᠵᠤ᠂ ᠣᠶᠤᠨᠴᠢ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠬᠡᠷᠡᠭᠵᠢᠭᠦᠯᠦᠨ᠂ ᠪᠥᠲᠥᠭᠡᠨ ᠪᠠᠶᠢᠭᠤᠯᠤᠭᠰᠠᠨ ᠨᠡᠷᠡᠨ ᠭᠡᠷᠡᠯ ᠤᠨ ᠬᠦᠯᠡᠮᠵᠢ 17᠂ ᠨᠢᠮᠭᠡᠨ ᠰᠦᠯᠢᠶᠣᠣ ᠬᠦᠯᠡᠮᠵᠢ 21 ᠶᠢ ᠴᠥᠮ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠳᠠᠪᠠᠭᠤᠯᠢᠭ ᠠᠵᠤ ᠦᠢᠯᠡᠰ ᠤᠨ ᠬᠡᠪᠴᠢᠶ᠎ᠡ ᠪᠠᠨ ᠦᠷᠭᠦᠯᠵᠢᠯᠡᠨ ᠦᠷᠭᠡᠳᠭᠡᠪᠡ᠃ ᠡᠭᠦᠨ ᠤ ᠬᠠᠮᠲᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ ᠲᠥᠷᠥᠯ ᠵᠦᠢᠯ ᠢ ᠦᠷᠭᠦᠯᠵᠢᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ︽ᠠᠷᠠᠳ ᠤᠨ ᠰᠡᠳᠬᠢᠯ ᠤᠨ ᠢᠨᠵᠧᠨᠧᠷᠢᠩ︾᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠪᠤᠶᠠᠨ ᠦᠢᠯᠡᠳᠬᠦ ︽ᠵᠣᠯ ᠵᠢᠷᠭᠠᠯᠲᠤ ᠢᠨᠵᠧᠨᠧᠷᠢᠩ︾ ᠪᠣᠯᠭᠠᠨ ᠪᠠᠶᠢᠭᠤᠯᠤᠨ᠎ᠠ᠃ ᠣᠳᠣᠬᠠᠨ ᠳᠤ ᠨᠢᠩᠴᠧᠩ ᠰᠢᠶᠠᠨ ᠤ ᠲᠦᠬᠦᠭᠡᠷᠦᠮᠵᠢᠲᠦ ᠲᠠᠷᠢᠶᠠᠯᠠᠩ ᠤᠨ ᠶᠡᠷᠦᠩᠬᠡᠢ ᠲᠠᠯᠠᠪᠠᠢ 3.9 ᠲᠦᠮᠡᠨ ᠮᠦ ᠳᠤ ᠬᠦᠷᠴᠦ᠂ ᠠᠵᠤ ᠦᠢᠯᠡᠰ ᠢᠶᠠᠷ 9000 ᠭᠠᠷᠤᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠰᠢᠭ ᠬᠦᠷᠲᠡᠭᠡᠵᠦ᠂ ᠬᠥᠮᠦᠨ ᠳᠤᠮᠳᠠᠴᠢ ᠶᠢᠨ ᠣᠷᠣᠯᠭ᠎ᠠ 1.6 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号