ᠨᠢᠩᠴᠧᠩ ᠰᠢᠶᠠᠨ C ᠬᠡᠯᠪᠡᠷᠢᠲᠦ ᠡᠯᠢᠭᠡᠨ ᠤ ᠦᠷᠪᠢᠰᠦᠯ ᠢ ᠰᠡᠷᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠣᠷᠣᠨ ᠤ ᠲᠥᠷᠥᠯ ᠵᠦᠢᠯ ᠤᠨ ᠪᠠᠶᠢᠭᠤᠯᠤᠯᠲᠠ ᠶᠢ ᠰᠠᠶᠢᠲᠤᠷ  ᠬᠢᠵᠦ ᠪᠤᠢ
ᠨᠡᠶᠢᠲᠡᠯᠡᠭᠰᠡᠨ ᠴᠠᠭ᠄
2024/6/5
    ᠨᠢᠭᠡ᠂ ᠣᠳᠣ ᠶᠢᠨ ᠰᠠᠭᠤᠭ᠎ᠠ ᠬᠠᠶ᠋ᠢᠭ ᠢᠶᠠᠷ ᠤᠤᠯ ᠤᠨ ᠡᠪᠡᠳᠴᠢᠨ ᠤ ᠵᠢᠱᠢᠶ᠎ᠡ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠡᠭᠦᠷᠭᠡ ᠶᠢ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠤᠪᠢᠶᠠᠷᠢᠯᠠᠵᠤ᠂ ᠨᠡᠶᠢᠲᠡ 3 ᠡᠭᠡᠯᠵᠢ ᠶᠢᠨ ᠡᠪᠡᠳᠴᠢᠨ ᠤ ᠵᠢᠱᠢᠶ᠎ᠡ ᠶᠢᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠰᠢᠰᠲ᠋ᠧᠮ ᠤᠨ ᠲᠤᠭ᠎ᠠ ᠪᠠᠷᠢᠮᠲᠠ ᠶᠢ ᠳᠠᠬᠢᠨ ᠳᠠᠪᠲᠠᠨ ᠡᠮᠬᠢᠯᠡᠵᠦ᠂ ᠰᠢᠯᠵᠢᠭᠦᠯᠦᠨ ᠪᠤᠴᠠᠭᠠᠬᠤ᠂ ᠵᠠᠰᠠᠪᠤᠷᠢ ᠣᠷᠣᠭᠤᠯᠵᠤ᠂ ᠥᠩᠭᠡᠷᠡᠭᠡᠭᠰᠡᠨ ᠳᠤ ᠪᠠ ᠰᠢᠨ᠎ᠡ ᠪᠠᠷ ᠡᠭᠦᠰᠦᠭᠰᠡᠨ C ᠬᠡᠯᠪᠡᠷᠢᠲᠦ ᠡᠯᠢᠭᠡᠨ ᠤ ᠦᠷᠪᠢᠰᠦᠯ ᠤᠨ ᠡᠪᠡᠳᠴᠢᠨ ᠤ ᠵᠢᠱᠢᠶ᠎ᠡ ᠨᠢ 18823 ᠪᠠᠶᠢᠭᠰᠠᠨ ᠠᠴᠠ 4239 ᠪᠤᠯᠤᠨ ᠪᠠᠭᠤᠷᠠᠪᠠ᠃    ᠬᠤᠶᠠᠷ ᠂ ︽ᠡᠷᠦᠬᠡ ᠳᠤ ᠣᠷᠣᠬᠤ︾ ᠠᠷᠭ᠎ᠠ ᠮᠠᠶ᠋ᠢᠭ ᠢᠶᠠᠷ ᠡᠪᠡᠳᠴᠢᠲᠡᠨ ᠢ ᠰᠢᠮᠳᠠᠭᠤᠯᠵᠤ ᠪᠠᠶᠢᠭᠠᠳ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠯᠭᠡᠵᠦ᠂ ︽C ᠬᠡᠯᠪᠡᠷᠢᠲᠦ ᠡᠯᠢᠭᠡᠨ ᠤ ᠦᠷᠪᠢᠰᠦᠯ ᠢ ᠰᠡᠷᠭᠡᠶᠢᠯᠡᠨ ᠵᠠᠰᠠᠬᠤ ᠮᠡᠳᠡᠭᠡ ᠵᠠᠩᠭᠢ ᠶᠢᠨ ᠰᠢᠰᠲ᠋ᠧᠮ︾ ᠳᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠤᠨ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠶᠢᠨ ᠮᠥᠷᠳᠡᠬᠦ ᠺᠠᠷᠲ ᠢ ᠲᠠᠭᠯᠠᠨ ᠮᠡᠳᠡᠭᠦᠯᠵᠦ᠂ ᠦᠷ᠎ᠡ ᠳ᠋ᠦᠩ ᠨᠢ ᠪᠢᠯᠢᠭ ᠴᠢᠨᠠᠷᠲᠠᠶ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠵᠠᠰᠠᠵᠤ ᠵᠠᠯᠠᠷᠠᠭᠤᠯᠤᠨ᠎ᠠ᠃    ᠭᠤᠷᠪᠠ ᠂ ᠭᠤᠷᠪᠠᠨ ᠬᠥᠬᠡ ᠡᠮᠨᠡᠯᠭᠡ ᠶᠢᠨ ᠬᠤᠷᠢᠶᠠᠨ ᠤ ᠳᠠᠪᠠᠭᠤᠯᠢᠭ ᠢ  ᠭᠦᠢᠴᠡᠳ ᠪᠠᠳᠠᠷᠠᠭᠤᠯᠵᠤ᠂ ᠡᠷᠲᠡ ᠣᠨᠣᠰᠢᠯᠠᠵᠤ ᠡᠷᠲᠡ ᠵᠠᠰᠠᠬᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠡᠮᠨᠡᠨ ᠵᠠᠰᠠᠬᠤ ᠪᠠᠷ ᠭᠤᠤᠯᠳᠠᠯᠭ᠎ᠠ ᠪᠣᠯᠭᠠᠵᠤ᠂ C ᠬᠡᠯᠪᠡᠷᠢᠲᠦ ᠡᠯᠢᠭᠡᠨ ᠤ ᠦᠷᠪᠢᠰᠦᠯ ᠢ ᠣᠨᠣᠰᠢᠯᠠᠨ ᠡᠮᠨᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠪᠠᠶᠢᠭᠤᠯᠵᠤ᠂ ᠡᠮᠴᠢᠯᠡᠭᠡᠨ ᠤ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠠᠭ ᠲᠤᠬᠠᠶ ᠳᠤᠨᠢ ᠥᠷᠨᠢᠭᠦᠯᠵᠦ᠂ ᠡᠪᠡᠳᠴᠢᠲᠡᠨ ᠵᠢᠴᠢ ᠬᠡᠷ ᠪᠦᠯᠢ ᠶᠢᠨ ᠬᠢᠨ ᠳᠤ ᠡᠷᠡᠭᠦᠯ ᠮᠡᠨᠳᠦ ᠶᠢᠨ ᠬᠥᠮᠦᠵᠢᠯ ᠪᠠ ᠯᠠᠪᠯᠠᠭ᠎ᠠ ᠶᠢᠨ ᠦᠢᠯᠡᠴᠢᠯᠡᠭᠡ ᠬᠠᠩᠭᠠᠪᠠ᠃    ᠳᠥᠷᠪᠡ᠂ ︽ᠡᠳᠦᠷ ᠤᠨ ᠲᠣᠬᠢᠷᠠᠭᠤᠯᠤᠯᠲᠠ︾᠂ ︽ᠭᠠᠷᠠᠭ ᠤᠨ ᠵᠤᠷᠰᠢᠮᠠᠯ ᠬᠤᠷᠠᠯ︾᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠯᠣᠭᠤᠳᠣᠯᠭ᠎ᠠ︾ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠪᠣᠯᠪᠠᠰᠤᠷᠠᠯ ᠤᠨ ᠠᠩᠭᠢ ᠶᠢ ᠨᠡᠶᠢᠲᠡ 3 ᠤᠳᠠᠭ᠎ᠠ᠂ ᠵᠣᠬᠢᠴᠠᠭᠤᠯᠬᠤ ᠬᠤᠷᠠᠯ ᠢ 14 ᠤᠳᠠᠭ᠎ᠠ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ 12 ᠤᠳᠠᠭ᠎ᠠ ᠬᠤᠷᠠᠯᠳᠤᠭᠤᠯᠵᠤ᠂ ᠲᠤᠰᠬᠠᠶ ᠠᠩᠭᠢ ᠪᠠᠷ ᠠᠬᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠴᠠᠭ ᠲᠤᠬᠠᠶ ᠳᠤᠨᠢ ᠲᠥᠭᠡᠷᠢᠭᠳᠡᠯ ᠢ ᠨᠢ ᠰᠢᠢᠳᠪᠦᠷᠢᠯᠡᠵᠦ᠂ ᠪᠠᠶᠢᠳᠠᠯ ᠢ ᠡᠵᠡᠮᠳᠡᠵᠦ ᠪᠣᠯᠬᠤ ᠶᠢ ᠪᠡᠶᠡᠯᠡᠭᠦᠯᠪᠡ᠃    ᠲᠠᠪᠤ᠂ ︽  ᠢᠨᠲ᠋ᠧᠷ ᠰᠦᠯᠵᠢᠶ᠎ᠡ︾᠂ ︽ᠠᠯᠪᠠᠨ ᠵᠢᠷᠤᠮ ᠤᠨ ᠡᠮᠴᠢᠯᠡᠭᠡ︾᠂ ︽ᠦᠨ᠎ᠡ ᠲᠥᠯᠥᠪᠦᠷᠢ ᠦᠭᠡᠶ C ᠬᠡᠯᠪᠡᠷᠢᠲᠦ ᠡᠯᠢᠭᠡᠨ ᠤ ᠦᠷᠪᠢᠰᠦᠯ ᠤᠨ ᠡᠰᠡᠷᠭᠦ ᠴᠣᠭᠴᠠ ᠶᠢ ᠪᠠᠶᠢᠴᠠᠭᠠᠨ ᠰᠢᠯᠭᠠᠬᠤ︾᠂ ︽ᠡᠷᠡᠭᠦᠯ ᠮᠡᠨᠳᠦ ᠶᠢᠨ ᠲᠠᠶᠢᠯᠤᠮᠵᠢ︾  ᠵᠡᠷᠭᠡ ᠠᠷᠭ᠎ᠠ ᠮᠠᠶ᠋ᠢᠭ ᠢᠶᠠᠷ C ᠬᠡᠯᠪᠡᠷᠢᠲᠦ ᠡᠯᠢᠭᠡᠨ ᠤ ᠦᠷᠪᠢᠰᠦᠯ ᠤᠨ ᠬᠤᠤᠷ ᠬᠥᠨᠥᠭᠡᠯ᠂ ᠡᠳᠡᠭᠡᠷᠡᠯᠲᠡ ᠶᠢᠨ ᠦᠷ᠎ᠡ ᠪᠦᠲᠦᠮᠵᠢ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠡᠷᠭᠡ ᠮᠡᠳᠡᠯᠭᠡ ᠶᠢ ᠶᠡᠬᠡᠪᠡᠷ ᠤᠬᠠᠭᠤᠯᠵᠤ᠂ ᠤᠬᠠᠭᠤᠯᠭ᠎ᠠ ᠶᠢᠨ ᠠᠵᠢᠯ ᠨᠢ ᠪᠥᠬᠦ ᠰᠢᠶᠠᠨ ᠤ 315 ᠵᠠᠰᠠᠭ ᠵᠠᠬᠢᠷᠭᠠᠨ ᠤ ᠲᠣᠰᠬᠤᠨ ᠢ ᠬᠠᠮᠤᠷᠴᠤ᠂ ᠬᠡᠰᠡᠭ ᠠᠵᠤ ᠠᠬᠤᠶ ᠨᠢ ᠬᠦᠴᠢᠷᠳᠡᠯᠲᠡᠶ ᠡᠪᠡᠳᠴᠢᠲᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢᠨ ᠬᠠᠮᠲᠤ ᠣᠯᠠᠨ ᠤᠳᠠᠭ᠎ᠠ ᠲᠡᠭᠦᠨ ᠢ ᠳᠠᠶᠢᠴᠢᠯᠠᠨ ᠡᠮᠴᠢᠯᠡᠭᠡ ᠬᠢᠯᠬᠡᠵᠦ᠂ ᠡᠮᠴᠢᠯᠡᠭᠡᠨ ᠤ ᠪᠦᠷᠬᠦᠴᠡ ᠶᠢᠨ ᠨᠣᠷᠮ᠎ᠠ ᠪᠠ ᠡᠮᠨᠡᠨ ᠵᠠᠰᠠᠬᠤ ᠨᠣᠷᠮ᠎ᠠ ᠶᠢ ᠳᠡᠭᠡᠭᠰᠢᠯᠡᠭᠦᠯᠪᠡ᠃ ᠣᠳᠣᠬᠠᠨ ᠳᠤ᠂ ᠨᠢᠩᠴᠧᠩ ᠰᠢᠶᠠᠨ ᠤ ᠰᠢᠨ᠎ᠡ ᠮᠡᠳᠡᠭᠦᠯᠦᠯᠲᠡ ᠶᠢᠨ ᠡᠰᠡᠷᠭᠦᠴᠡᠭᠴᠢ ᠪᠡᠶ᠎ᠡ ᠶᠢᠨ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠨᠣᠷᠮ᠎ᠠ ᠶᠢ 97.55% ᠳᠤ ᠬᠦᠷᠲᠡᠯ᠎ᠡ ᠳᠡᠭᠡᠭᠰᠢᠯᠡᠭᠦᠯᠵᠦ᠂ ᠸᠢᠷᠦ᠋ᠰ ᠢ ᠡᠰᠡᠷᠭᠦᠴᠡᠬᠦ ᠡᠮᠨᠡᠨ ᠵᠠᠰᠠᠬᠤ ᠶᠢ ᠬᠦᠯᠢᠶᠡᠭᠰᠡᠨ ᠡᠪᠡᠳᠴᠢᠲᠡᠨ ᠤ ᠡᠮᠴᠢᠯᠡᠭᠡᠨ ᠤ ᠡᠳᠡᠭᠡᠷᠡᠯᠲᠡ ᠶᠢᠨ ᠨᠣᠷᠮ᠎ᠠ ᠶᠢ 100% ᠳᠤ ᠬᠦᠷᠦᠭᠦᠯᠵᠦ ᠂ ᠲᠤᠰᠬᠠᠢ ᠮᠡᠷᠭᠡᠵᠢᠯ ᠤᠨ ᠠᠵᠢᠯᠲᠠᠨ C ᠬᠡᠯᠪᠡᠷᠢᠲᠦ ᠡᠯᠢᠭᠡᠨ ᠤ ᠦᠷᠪᠢᠰᠦᠯ ᠤᠨ ᠬᠠᠮᠢᠶ᠎ᠠ ᠪᠦᠬᠦᠢ ᠠᠭᠤᠯᠭ᠎ᠠ ᠶᠢᠨ ᠪᠤᠯᠪᠠᠰᠤᠷᠠᠯ ᠤᠨ ᠬᠠᠷᠢᠴᠠᠯ ᠢ 92%᠂ ᠪᠤᠯᠪᠠᠰᠤᠷᠠᠯ ᠤᠨ ᠬᠢᠷᠢ ᠲᠡᠩᠴᠡᠭᠰᠡᠨ ᠨᠣᠷᠮ᠎ᠠ ᠶᠢ 100% ᠳᠤ ᠬᠦᠷᠦᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号