ᠥᠪᠡᠷᠲᠡᠭᠡᠨ ᠵᠠᠰᠠᠬᠤ ᠣᠷᠣᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠨᠢᠩᠴᠧᠩ ᠰᠢᠶᠠᠨ ᠤ ᠣᠨᠴᠠᠭᠠᠶ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/5
    ᠣᠶᠢᠷ᠎ᠠ ᠳᠤ᠂ ᠨᠢᠩᠴᠧᠩ ᠰᠢᠶᠠᠨ ᠤ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠭᠤᠣᠯ ᠴᠣᠭᠴᠠ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠪᠠᠷᠢᠯᠭ᠎ᠠ ᠳᠠᠭᠤᠰᠴᠦ᠂ ᠣᠨᠴᠠᠭᠠᠢ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠪᠠ᠃ ᠨᠢᠩᠴᠧᠩ ᠰᠢᠶᠠᠨ ᠤ ᠣᠨᠴᠠᠭᠠᠶ ᠰᠤᠷᠭᠠᠭᠤᠯᠢ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ 450 ᠲᠦᠮᠡᠨ ᠲᠥᠭᠦᠷᠢᠭ ᠣᠯᠵᠤ᠂ ᠪᠠᠷᠢᠯᠭ᠎ᠠ ᠶᠢᠨ ᠲᠠᠯᠠᠪᠠᠶ ᠨᠢ 3683.1 ᠲᠡᠭᠰᠢ ᠳᠥᠷᠪᠡᠯᠵᠢᠨ ᠮᠧᠲᠷ ᠪᠠᠶᠢᠵᠤ᠂ ᠭᠠᠯ ᠤᠨᠲᠠᠷᠠᠭᠠᠬᠤ ᠤᠰᠤᠨ ᠲᠠᠲᠠᠭᠠᠯ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠬᠢᠨᠠᠨ ᠡᠵᠡᠮᠳᠡᠬᠦ ᠪᠡᠯᠡᠳᠬᠡᠮᠵᠢ᠂ ᠴᠠᠬᠢᠯᠭᠠᠨ ᠱᠠᠲᠤ ᠵᠡᠷᠭᠡ ᠬᠠᠷᠢᠶᠠᠲᠤ ᠪᠡᠯᠡᠳᠬᠡᠮᠵᠢ ᠶᠢ ᠢᠵᠢ ᠪᠥᠷᠢᠳᠦᠭᠦᠯᠦᠨ ᠪᠠᠶᠢᠭᠤᠯᠪᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠢᠴᠢᠶᠡᠯ ᠤᠨ ᠭᠡᠷ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠴᠢᠶᠡᠯ ᠤᠨ ᠭᠡᠷ᠂ ᠡᠷᠡᠭᠦᠯᠵᠢᠯ ᠤᠨ ᠪᠣᠯᠪᠠᠰᠤᠷᠠᠯ ᠤᠨ ᠲᠠᠰᠤᠭ᠂ ᠮᠡᠳᠡᠷᠡᠮᠵᠢ ᠶᠢᠨ ᠪᠣᠯᠪᠠᠰᠤᠷᠠᠯ ᠤᠨ ᠲᠠᠰᠤᠭ᠂ ᠰᠡᠳᠬᠢᠴᠡ ᠶᠢᠨ ᠵᠠᠰᠠᠯᠲᠠ ᠶᠢᠨ ᠲᠠᠰᠤᠭ᠂ ᠳᠠᠭᠤᠤ ᠬᠥᠭᠵᠢᠮ ᠤᠨ ᠤᠷᠠᠨ ᠵᠢᠷᠤᠭ ᠤᠨ ᠲᠤᠰᠬᠠᠶ ᠬᠢᠴᠢᠶᠡᠯ ᠤᠨ ᠭᠡᠷ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠠᠰᠤᠭ᠂ ᠣᠯᠠᠨ ᠴᠢᠳᠠᠮᠵᠢᠲᠤ ᠬᠤᠷᠠᠯ ᠤᠨ ᠲᠢᠩᠬᠢᠮ ᠵᠢᠴᠢ ᠵᠢᠭᠠᠨ ᠰᠤᠷᠭᠠᠯᠲᠠ ᠶᠢᠨ ᠲᠤᠰᠠᠯᠠᠬᠤ ᠭᠡᠷ ᠲᠣᠬᠢᠷᠠᠭᠤᠯᠪᠠ᠃  ᠰᠤᠷᠬᠤ ᠠᠴᠠ ᠡᠮᠤᠨᠡᠬᠢ ᠠᠩᠭᠢ ᠪᠠ ᠠᠵᠢᠯ ᠮᠡᠷᠭᠡᠵᠢᠯ ᠤᠨ ᠠᠩᠭᠢ ᠶᠢ ᠲᠣᠰ ᠲᠣᠰ 3 ᠲᠣᠬᠢᠷᠠᠭᠤᠯᠵᠤ᠂ ᠠᠩᠭᠢ ᠪᠦᠷᠢ ᠶᠢᠨ ᠬᠥᠮᠦᠨ ᠤ ᠲᠤᠭ᠎ᠠ ᠶᠢ 15 ᠬᠥᠮᠦᠨ᠂ ᠨᠡᠶᠢᠲᠡ 90 ᠬᠥᠮᠦᠨ ᠪᠣᠯᠭᠠᠨ ᠲᠣᠬᠢᠷᠠᠭᠤᠯᠪᠠ᠃ ᠲᠣᠰ ᠲᠥᠷᠥᠯ ᠤᠨ ᠪᠠᠶᠢᠭᠤᠯᠤᠯᠲᠠ ᠨᠢ ᠪᠥᠬᠦ ᠰᠢᠶᠠᠨ ᠤ ᠣᠨᠴᠠᠭᠠᠶ ᠰᠤᠷᠤᠭᠴᠢᠳ ᠤᠨ ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠨᠠᠩ ᠣᠯᠠᠨ ᠵᠡᠮᠳᠡᠭ ᠰᠤᠷᠤᠭᠴᠢᠳ ᠤᠨ ᠢᠷᠡᠭᠡᠳᠦᠶ ᠳᠤ ᠨᠠᠩ ᠣᠯᠠᠨ ᠪᠣᠯᠤᠯᠴᠠᠭ᠎ᠠ ᠶᠢ ᠨᠡᠭᠡᠭᠡᠵᠦ᠂ ᠮᠠᠨ ᠤ ᠰᠢᠶᠠᠨ ᠤ ᠣᠨᠴᠠᠭᠠᠶ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠶ ᠬᠥᠭᠵᠢᠯᠲᠡ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号