ᠨᠢᠩᠴᠧᠩ ᠰᠢᠶᠠᠨ ᠬᠤᠲᠠ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/6/5
    ᠨᠢᠭᠡ ᠲᠠᠯ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ  ᠦᠷᠨᠢᠭᠦᠯᠪᠡ᠃ ᠡᠨᠡ ᠵᠢᠯ ᠤᠨ 4 ᠰᠠᠷ᠎ᠠ ᠳᠤ ᠂ ᠪᠦᠬᠦ ᠰᠢᠶᠠᠨ ᠤ 16 ᠪᠠᠯᠭᠠᠰᠤ ᠰᠢᠶᠠᠩ ᠵᠡᠭᠡᠯᠢ ᠭᠤᠳᠣᠮᠵᠢ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠪᠤᠢ ᠪᠦᠬᠦᠢ ᠠᠷᠢᠭᠤᠨ ᠴᠡᠪᠡᠷ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠬᠤᠭ ᠨᠣᠪᠰᠢ ᠣᠪᠣᠭᠠᠯᠠᠬᠤ 5 ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠨᠡᠶᠢᠳᠡ 21 ᠲᠡᠷᠭᠡ ᠬᠥᠰᠬᠡ ᠶᠢ ᠬᠥᠳᠡᠯᠭᠡᠵᠦ᠂ 2600 ᠭᠠᠷᠤᠢ ᠬᠤᠭ ᠨᠣᠪᠰᠢ ᠶᠢ ᠴᠡᠪᠡᠷᠯᠡᠪᠡ᠃ ᠨᠥᠭᠦᠭᠡ ᠲᠠᠯ᠎ᠠ ᠪᠠᠷ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠵᠠᠰᠠᠬᠤ ︽135︾ ᠠᠵᠢᠯᠯᠠᠭ᠎ᠠ ᠲᠠᠢ ᠤᠶᠠᠯᠳᠤᠭᠤᠯᠤᠨ᠂ 17732 ᠬᠤᠭ ᠨᠣᠪᠰᠢ ᠶᠢᠨ ᠰᠠᠪᠠ ᠪᠠ 1018 ᠬᠤᠭ ᠨᠣᠪᠰᠢ ᠶᠢᠨ ᠬᠦᠷᠢᠶ᠎ᠡ᠂ 26 ᠬᠤᠭ ᠨᠣᠪᠰᠢ ᠳᠠᠮᠵᠢᠭᠤᠯᠬᠤ ᠥᠷᠲᠡᠭᠡ᠂ 38 ᠬᠤᠭ ᠨᠣᠪᠰᠢ ᠶᠢ ᠪᠤᠯᠠᠬᠤ ᠭᠠᠵᠠᠷ᠂ ᠡᠯ᠎ᠡ ᠲᠥᠷᠥᠯ ᠤᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠶᠢ 120 ᠭᠤᠶᠤᠴᠢᠯᠠᠨ ᠮᠡᠳᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 230 ᠲᠦᠮᠡᠨ ᠲᠥᠭᠦᠷᠢᠭ ᠬᠦᠷᠴᠦ᠂ ᠤᠬᠤᠷᠢ ᠪᠠᠯᠭᠠᠰᠤ᠂ ᠮᠠᠩᠨᠤᠳ ᠪᠠᠯᠭᠠᠰᠤᠨ ᠳᠤ ᠬᠤᠭ ᠨᠣᠪᠰᠢ ᠳᠠᠮᠵᠢᠭᠤᠯᠬᠤ ᠥᠷᠲᠡᠭᠡ 3 ᠪᠠᠶᠢᠭᠤᠯᠵᠤ᠂ ᠣᠳᠣᠬᠠᠨ ᠳᠤ ᠲᠣᠰ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号