ᠨᠢᠩᠴᠧᠩ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/5
   2024 ᠣᠨ ᠤ ᠳᠤᠮᠳᠠᠳᠤ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠤ ᠥᠷᠭᠡᠨ ᠣᠯᠠᠨ ᠰᠢᠯᠭᠠᠭᠤᠯᠤᠭᠴᠢ ᠵᠢᠴᠢ ᠬᠢᠴᠢᠶᠡᠯ ᠬᠥᠮᠦᠵᠢᠯ ᠤᠨ ᠠᠵᠢᠯᠲᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠵᠤ᠂ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠬᠤᠭᠤᠯᠠᠨ ᠬᠡᠷ ᠤᠨ ᠠᠵᠢᠯ ᠡᠷᠭᠢᠯᠡᠭᠰᠡᠳ ᠤᠨ ᠬᠢᠷᠢ ᠬᠡᠮ᠂ ᠢᠳᠡᠭᠡᠨ ᠵᠢᠴᠢ ᠲᠦᠭᠦᠬᠡᠶ ᠮᠠᠲ᠋ᠧᠷᠢᠶᠠᠯ ᠬᠤᠳᠠᠯᠳᠤᠨ ᠠᠪᠴᠤ ᠬᠠᠳᠠᠭᠠᠯᠠᠬᠤ᠂ ᠡᠳ᠋ᠰᠢᠭᠦᠯᠬᠦ ᠠᠵᠢᠯᠯᠠᠭᠠᠨ ᠤ ᠶᠠᠪᠤᠴᠠ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ᠂ ᠢᠳᠡᠭᠡᠨ ᠤ ᠥᠯᠢᠭᠡᠷ ᠶᠠᠩᠵᠤ ᠦᠯᠡᠳᠡᠭᠡᠬᠦ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ ᠪᠠᠶᠢᠴᠠᠭᠠᠯᠲᠠ ᠬᠢᠪᠠ᠃ ᠨᠢᠭᠡ ᠳᠤ ᠰᠢᠯᠭᠠᠯᠲᠠ ᠶᠢᠨ ᠴᠡᠭ ᠤᠨ ᠬᠤᠭᠤᠯᠠᠨ ᠬᠡᠷ ᠨᠢ ︽ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠢ ᠪᠦᠷᠢᠯᠳᠦᠭᠦᠯᠦᠭᠰᠡᠨ ᠡᠰᠡᠬᠦ᠂ ᠠᠵᠢᠯ ᠡᠷᠭᠢᠯᠡᠭᠰᠡᠳ ᠡᠷᠡᠭᠦᠯ ᠮᠡᠨᠳᠦ ᠶᠢᠨ ᠲᠤᠰᠬᠠᠶ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠶ ᠠᠵᠢᠯᠲᠠᠨ ᠲᠣᠬᠢᠷᠠᠭᠤᠯᠤᠭᠰᠠᠨ ᠡᠰᠡᠬᠦ ᠶᠢ ᠪᠠᠶᠢᠴᠠᠭᠠᠪᠠ᠃ ᠬᠤᠶᠠᠷ ᠲᠤ ᠢᠳᠡᠭᠡᠨ ᠬᠤᠳᠠᠯᠳᠤᠨ ᠠᠪᠬᠤ ᠭᠡᠷᠡᠴᠢ ᠪᠠᠷᠢᠮᠲᠠ ᠪᠠ ᠫᠢᠶᠣᠣ ᠪᠠᠷᠢᠮᠲᠠ ᠠᠪᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠡᠬᠡ ᠲᠠᠩᠰᠠ ᠶᠢᠨ ᠲᠡᠮᠳᠡᠭᠯᠡᠯ ᠵᠡᠷᠭᠡ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠤᠭᠰᠠᠨ ᠡᠰᠡᠬᠦ᠂ ᠬᠤᠳᠠᠯᠳᠤᠨ ᠠᠪᠤᠭᠰᠠᠨ ᠢᠳᠡᠭᠡᠨ ᠵᠢᠴᠢ ᠲᠦᠭᠦᠬᠡᠶ ᠮᠠᠲ᠋ᠧᠷᠢᠶᠠᠯ᠂ ᠢᠳᠡᠭᠡᠨ ᠤ ᠨᠡᠮᠡᠯᠲᠡ ᠡᠳ᠋᠂ ᠢᠳᠡᠭᠡᠨ ᠤ ᠬᠠᠮᠢᠶ᠎ᠠ ᠪᠥᠬᠦᠶ ᠦᠢᠯᠡᠳᠭᠦᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠪᠠᠶᠢᠴᠠᠭᠠᠪᠠ᠃ ᠭᠤᠷᠪᠠ ᠳᠤ᠂ ᠬᠤᠭᠤᠯᠠᠨ ᠭᠡᠷ ᠤᠨ ᠳᠣᠲᠣᠷ᠎ᠠ ᠭᠠᠳᠠᠨᠠᠬᠢ ᠣᠷᠴᠢᠨ ᠲᠣᠭᠤᠷᠢᠨ ᠨᠢ ᠠᠷᠢᠭᠤᠨ ᠴᠡᠪᠡᠷ ᠤᠨ ᠪᠠᠷᠢᠮᠵᠢᠶ᠎ᠠ ᠳᠤ ᠨᠡᠶᠢᠴᠡᠬᠦ ᠡᠰᠡᠬᠦ᠂ ᠢᠳᠡᠭᠡᠨ ᠤ ᠲᠦᠭᠦᠬᠡᠶ ᠮᠠᠲ᠋ᠧᠷᠢᠶᠠᠯ ᠢ ᠬᠠᠳᠠᠭᠠᠯᠠᠬᠤ ᠲᠠᠯᠠᠪᠤᠷ ᠭᠠᠵᠠᠷ᠂ ᠲᠥᠬᠦᠭᠡᠷᠦᠮᠵᠢ ᠨᠢ ᠠᠷᠢᠭᠤᠨ ᠴᠡᠪᠡᠷ ᠤᠨ ᠡᠰᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠬᠡᠷᠡᠭᠯᠡᠭᠰᠡᠨ ᠤ ᠳᠠᠷᠠᠭ᠎ᠠ ᠴᠠᠭ ᠲᠤᠬᠠᠶ ᠳᠤᠨᠢ ᠤᠬᠢᠶᠠᠵᠤ ᠴᠡᠪᠡᠷᠯᠡᠬᠦ ᠡᠰᠡᠬᠦ ᠪᠠ ᠢᠳᠡᠭᠡᠨ ᠤ ᠠᠮᠤᠷ ᠲᠦᠪᠰᠢᠨ ᠤ ᠲᠤᠬᠠᠶ ᠶᠢᠨ ᠲᠠᠯᠠᠪᠤᠷ ᠲᠤ ᠪᠠᠶᠢᠴᠠᠭᠠᠨ ᠬᠡᠮᠵᠢᠯᠲᠡ ᠬᠢᠪᠡ᠃ ᠡᠭᠦᠨ ᠤ ᠬᠠᠮᠲᠤ᠂ ᠰᠤᠷᠭᠠᠭᠤᠯᠢ ᠶᠢ ᠡᠯ᠎ᠡ ᠵᠦᠢᠯ ᠤᠨ ᠢᠳᠡᠭᠡᠨ ᠤ ᠠᠮᠤᠷ ᠲᠦᠪᠰᠢᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠠᠵᠢᠯ ᠤᠨ ᠲᠥᠰᠦᠯ ᠢ ᠴᠠᠭ ᠲᠤᠬᠠᠶ ᠳᠤᠨᠢ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃    ᠣᠳᠣᠬᠠᠨ ᠪᠣᠯᠲᠠᠯ᠎ᠠ᠂ ᠰᠤᠷᠭᠠᠭᠤᠯᠢ ᠶᠢᠨ ᠰᠢᠯᠭᠠᠯᠲᠠ ᠶᠢᠨ ᠴᠡᠭ ᠤᠨ ᠬᠤᠭᠤᠯᠠᠨ ᠭᠡᠷ ᠢ ᠨᠡᠶᠢᠲᠡ 4 ᠪᠠᠶᠢᠴᠠᠭᠠᠵᠤ᠂ ᠢᠯᠡᠷᠬᠡᠶ ᠠᠰᠠᠭᠤᠳᠠᠯ ᠭᠠᠷᠤᠭᠰᠠᠨ ᠦᠭᠡᠢ᠃ ᠲᠠᠷᠠᠭᠠᠴᠢ ᠶᠢᠨ ᠠᠯᠬᠤᠮ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤᠮᠳᠠᠳᠤ  ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠬᠤᠭᠤᠯᠠ ᠬᠠᠩᠭᠠᠬᠤ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠲᠤᠰᠢᠶᠠᠯᠲᠤ ᠬᠤᠭᠤᠯᠠ ᠬᠢᠨᠠᠬᠤ ᠬᠥᠮᠦᠰ ᠢ ᠲᠣᠮᠢᠯᠠᠨ ᠡᠯ᠎ᠡ ᠰᠢᠯᠭᠠᠯᠲᠠ ᠶᠢᠨ ᠴᠡᠭ ᠲᠤ ᠣᠴᠢᠭᠤᠯᠵᠤ᠂ ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠪᠥᠬᠦ ᠶᠠᠪᠤᠴᠠ ᠳᠤ ᠬᠢᠨᠠᠯᠲᠠ ᠲᠠᠯᠪᠢᠵᠤ᠂ ᠰᠢᠯᠭᠠᠯᠲᠠ ᠳᠤ ᠪᠠᠲᠤᠯᠠᠭ᠎ᠠ ᠣᠯᠭᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号