ᠨᠢᠩᠴᠧᠩ ᠰᠢᠶᠠᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠰᠢᠷᠣᠶ ᠡᠭᠡᠭᠡᠵᠦ ᠬᠠᠲᠠᠭᠠᠬᠤ ᠠᠵᠢᠯ ᠤᠷᠤᠭᠰᠢᠲᠠᠶ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2024/6/7
     ᠬᠡᠭᠡᠷ᠎ᠡ ᠠᠴᠠ ᠥᠯᠢᠭᠡᠷ ᠠᠪᠬᠤ ᠠᠵᠢᠯ ᠳᠠᠭᠤᠰᠬᠤ ᠶᠢ ᠳᠠᠭᠠᠯᠳᠤᠨ᠂ ᠨᠢᠩᠴᠧᠩ ᠰᠢᠶᠠᠨ ᠤ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠳᠠᠯ ᠥᠬᠡᠶ ᠥᠯᠢᠭᠡᠷ ᠡᠳ᠋ ᠢ ᠰᠢᠨᠵᠢᠯᠡᠨ ᠰᠢᠯᠭᠠᠬᠤ ᠱᠠᠲᠤᠨ ᠳᠤ ᠣᠷᠣᠵᠤ᠂  ᠭᠠᠵᠠᠷ ᠰᠢᠷᠤᠢ ᠶᠢᠨ ᠥᠯᠢᠭᠡᠷ ᠡᠳ᠋ ᠢ ᠰᠢᠨᠵᠢᠯᠡᠨ ᠰᠢᠯᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠥᠷᠲᠡᠭᠡ ᠶᠢᠨ ᠠᠵᠢᠯᠲᠠᠳ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠴᠤᠭᠯᠠᠭᠤᠯᠤᠭᠰᠠᠨ ᠰᠢᠷᠣᠶ ᠶᠢᠨ ᠥᠯᠢᠭᠡᠷ ᠡᠳ᠋ ᠢ ᠲᠥᠪᠯᠡᠷᠡᠭᠦᠯᠦᠨ ᠬᠠᠲᠠᠭᠠᠪᠠ᠃    ᠤᠯᠤᠰ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠨᠢᠩᠴᠧᠩ ᠰᠢᠶᠠᠨ ᠤ ᠣᠷᠣᠨ ᠪᠦᠰᠡ ᠳᠤ 2 054 ᠭᠠᠳᠠᠷ ᠳᠠᠪᠬᠤᠷᠭ᠎ᠠ ᠶᠢᠨ ᠬᠥᠷᠥᠰᠥ ᠰᠢᠷᠣᠶ ᠶᠢᠨ ᠦᠯᠢᠭᠡᠷ ᠠᠪᠬᠤ ᠴᠡᠭ ᠪᠣᠢ᠂ ᠡᠭᠦᠨ ᠳᠤ ᠲᠠᠷᠢᠶᠠᠯᠠᠩ ᠤᠨ ᠭᠠᠵᠠᠷ 1962᠂ ᠣᠢ ᠰᠢᠭᠤᠶ ᠡᠪᠡᠰᠦ ᠪᠡᠯᠴᠢᠭᠡᠷ ᠤᠨ ᠭᠠᠵᠠᠷ 92 ᠪᠣᠶ᠃ ᠲᠣᠰ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠳᠤ ᠨᠡᠶᠢᠲᠡ 6420 ᠥᠯᠢᠭᠡᠷ ᠡᠳ᠋ ᠢ ᠴᠤᠭᠯᠠᠭᠤᠯᠪᠠ᠂ ᠡᠭᠦᠨ ᠳᠤ ᠥᠩᠭᠡᠨ ᠲᠠᠯ᠎ᠠ ᠶᠢᠨ ᠬᠥᠷᠥᠰᠥ ᠰᠢᠷᠣᠶ ᠶᠢᠨ ᠥᠯᠢᠭᠡᠷ ᠡᠳ᠋ 2054᠂ ᠨᠢᠭᠤᠴᠠ ᠨᠣᠮᠧᠷ ᠤᠨ ᠵᠡᠷᠭᠡᠴᠡᠭᠡ ᠥᠯᠢᠭᠡᠷ ᠡᠳ᠋ 49᠂ ᠤᠰᠤᠨ ᠤ ᠲᠣᠭᠲᠠᠭᠤᠨ ᠴᠢᠨᠠᠷᠲᠠᠶ ᠶᠡᠭᠡ ᠪᠥᠭᠡᠮᠨᠡᠷᠡᠯ ᠤᠨ ᠪᠡᠶ᠎ᠡ ᠶᠢᠨ ᠥᠯᠢᠭᠡᠷ ᠡᠳ᠋ 209 ᠪᠠᠭᠲᠠᠨ᠎ᠠ᠃     ᠭᠠᠵᠠᠷ ᠰᠢᠷᠤᠢ ᠶᠢᠨ ᠥᠯᠢᠭᠡᠷ ᠡᠳ᠋ ᠢ ᠨᠡᠩ ᠰᠠᠶᠢᠨ ᠬᠠᠳᠠᠭᠠᠯᠠᠬᠤ ᠶᠢᠨ ᠲᠥᠯᠥᠭᠡ᠂ ᠮᠡᠷᠭᠡᠵᠢᠯᠲᠡᠨ ᠠᠴᠠ ᠭᠠᠵᠠᠷ ᠰᠢᠷᠤᠢ ᠶᠢᠨ ᠥᠯᠢᠭᠡᠷ ᠡᠳ᠋ ᠢ ᠲᠥᠪᠯᠡᠷᠡᠭᠦᠯᠦᠨ ᠬᠠᠳᠠᠭᠠᠵᠤ᠂ ᠡᠳᠦᠷ ᠪᠦᠷᠢ ᠲᠣᠭᠲᠠᠭᠰᠠᠨ ᠴᠠᠭ ᠲᠤ ᠭᠠᠵᠠᠷ ᠰᠢᠷᠤᠢ ᠶᠢᠨ ᠥᠯᠢᠭᠡᠷ ᠡᠳ᠋ ᠢ ᠨᠢᠭᠡ ᠤᠳᠠᠭ᠎ᠠ ᠤᠷᠪᠠᠭᠤᠯᠤᠨ᠎ᠠ᠃    ᠣᠳᠣᠬᠠᠨ ᠳᠤ᠂ ᠪᠣᠶ ᠪᠥᠬᠦᠶ ᠭᠠᠵᠠᠷ ᠰᠢᠷᠤᠢ ᠶᠢᠨ ᠥᠯᠢᠭᠡᠷ ᠡᠳ᠋ ᠢ ᠴᠥᠮ ᠨᠢᠭᠡᠨᠲᠡ ᠰᠠᠯᠬᠢᠨ ᠢᠶᠠᠷ ᠬᠠᠳᠠᠵᠤ᠂ ᠰᠢᠯᠭᠠᠨ ᠪᠠᠶᠢᠴᠠᠭᠠᠬᠤ ᠪᠠᠶᠢᠭᠤᠯᠤᠮᠵᠢ ᠠᠴᠠ ᠲᠣᠭᠲᠠᠭᠠᠭᠰᠠᠨ ᠤ ᠳᠠᠷᠠᠭ᠎ᠠ ᠥᠯᠢᠭᠡᠷ ᠡᠳ᠋ ᠢ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠰᠢᠨᠵᠢᠯᠡᠨ ᠰᠢᠯᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号