| ᠨᠢᠭᠡ ᠳᠤ᠂ ᠬᠡᠪ ᠴᠢᠨᠠᠷ ᠤᠨ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠨᠠᠷᠠᠲᠤ ᠲᠡᠮᠳᠡᠭᠲᠦ ᠶᠢ | ᠡᠭᠦᠳᠦᠨ᠎ᠡ᠃ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ᠂ ᠲᠢᠶᠠᠨ ᠢᠦᠶ | ᠺᠣᠮᠫᠠᠨᠢ ᠠᠴᠠ ᠨᠢᠩᠴᠧᠩ ᠰᠢᠶᠠᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ | ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠪᠠ ᠨᠡᠶᠢᠭᠡᠮ ᠤᠨ ᠦᠢᠯᠡᠳᠦᠯᠭᠡ ᠶᠢᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠢ ᠬᠠᠮᠲᠤᠷᠠᠨ ᠪᠠᠶᠢᠭᠤᠯᠤᠨ ᠡᠵᠡᠩᠨᠡᠵᠦ᠂ ᠵᠢᠭᠠᠨ ᠰᠤᠳᠤᠯᠬᠤ ᠲᠥᠪ ᠤᠨ ᠬᠢᠴᠢᠶᠡᠯ ᠢ ᠨᠡᠭᠡᠭᠡᠨ | ᠬᠥᠭᠵᠢᠭᠦᠯᠵᠦ ᠬᠡᠷᠡᠭᠵᠢᠭᠦᠯᠬᠦ ᠵᠡᠷᠭᠡ ᠴᠢᠳᠠᠮᠵᠢ ᠶᠢ ᠴᠢᠩᠭᠠᠳᠬᠠᠵᠤ᠂ ᠲᠣᠰ ᠰᠠᠭᠤᠷᠢᠨ ᠭᠠᠵᠠᠷ ᠲᠤ ᠲᠦᠰᠢᠭᠯᠡᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠥᠳᠡᠯᠮᠦᠷᠢ᠂ ᠨᠡᠶᠢᠭᠡᠮ ᠤᠨ ᠦᠢᠯᠡᠳᠦᠯᠭᠡ ᠵᠡᠷᠭᠡ ᠬᠡᠪ | ᠴᠢᠨᠠᠷ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠲᠣᠰ ᠲᠥᠪ ᠲᠤ ᠰᠤᠳᠤᠯᠤᠨ ᠰᠤᠷᠤᠯᠴᠠᠬᠤ | ᠬᠢᠴᠢᠶᠡᠯ ᠤᠨ ᠬᠡᠷ 8 ᠪᠠᠶᠢᠵᠤ᠂ ᠬᠠᠮᠲᠤ ᠳᠤᠨᠢ 500 ᠬᠥᠮᠦᠨ ᠢ ᠭᠥᠯᠢᠶᠡᠨ ᠠᠪᠤᠨ᠎ᠠ᠃ ᠣᠳᠣᠬᠠᠨ ᠪᠣᠯᠲᠠᠯ᠎ᠠ ᠡᠯ᠎ᠡ | ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠳᠤᠯᠤᠨ ᠰᠤᠷᠤᠯᠴᠠᠬᠤ ᠬᠥᠮᠦᠨ ᠤ ᠲᠤᠭ᠎ᠠ 1.5 ᠲᠦᠮᠡᠨ | ᠬᠥᠮᠦᠨ ᠳᠤ ᠬᠦᠷᠴᠦ᠂ ᠵᠢᠭᠤᠯᠴᠢᠯᠠᠯ ᠤᠨ ᠶᠡᠷᠦᠩᠬᠡᠶ ᠵᠠᠷᠤᠳᠠᠯ 150 ᠲᠦᠮᠡᠨ ᠲᠥᠭᠦᠷᠢᠭ ᠲᠤ ᠬᠦᠷᠴᠡᠶ᠃ | ᠬᠤᠶᠠᠷ ᠲᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠰᠤᠳᠤᠯᠤᠨ ᠰᠤᠷᠤᠯᠴᠠᠬᠤ ᠨᠠᠷᠠᠲᠤ ᠲᠥᠷᠥᠯ | ᠲᠡᠮᠳᠡᠭᠲᠦ ᠶᠢ ᠡᠭᠦᠳᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠢ ᠰᠢᠨ᠎ᠡ ᠬᠥᠳᠡᠭᠡ ᠲᠣᠰᠬᠤᠨ ᠤ ᠪᠠᠶᠢᠭᠤᠯᠤᠯᠲᠠ | ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠠᠵᠤ ᠦᠢᠯᠡᠰ ᠤᠨ | ᠲᠥᠷᠥᠯ ᠵᠤᠶᠢᠯ ᠢᠶᠠᠷ ᠬᠤᠪᠢ ᠣᠷᠣᠭᠤᠯᠬᠤ᠂ ᠠᠳᠠᠯ ᠦᠢᠯᠡᠰ ᠴᠣᠭᠴᠠᠯᠠᠬᠤ ᠲᠡᠳᠬᠦᠮᠵᠢ ᠬᠠᠩᠭᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠵᠤᠭᠠᠴᠠᠨ ᠲᠣᠭᠤᠷᠢᠬᠤ᠂ ᠰᠡᠯᠡᠭᠦᠴᠡᠨ ᠠᠮᠠᠷᠠᠬᠤ᠂ ᠬᠤᠳᠠᠯᠳᠤᠭᠠᠨ ᠤ ᠶᠠᠪᠤᠳᠠᠯ ᠤᠨ | ᠬᠤᠷᠠᠯ ᠤᠨ ᠶᠠᠪᠤᠳᠠᠯ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠲᠠᠷᠢᠶᠠᠯᠠᠩ ᠤᠨ | ᠶᠠᠪᠤᠳᠠᠯ ᠢ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠰᠡᠯᠡᠭᠦᠴᠡᠨ ᠠᠮᠠᠷᠠᠬᠤ ᠶᠢ ᠪᠡᠶᠡᠴᠢᠯᠡᠨ | ᠣᠶᠢᠯᠠᠭᠠᠬᠤ ᠰᠠᠭᠤᠷᠢᠨ ᠭᠠᠵᠠᠷ ᠤᠨ ᠬᠦᠷᠢᠶᠡᠯᠡᠩ ᠢ ᠪᠠᠶᠢᠭᠤᠯᠵᠤ᠂ ᠨᠢᠭᠡᠳᠦᠭᠡᠷ ᠠᠵᠤ ᠦᠢᠯᠡᠰ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠬᠤ᠂ ᠦᠢᠯᠡᠳᠪᠤᠷᠢᠯᠡᠯ ᠠᠮᠢᠳᠤᠷᠠᠯ ᠤᠨ ᠠᠮᠢ ᠠᠬᠤᠶ ᠶᠢ ᠠᠭᠤᠰᠤᠯᠴᠠᠭᠤᠯᠬᠤ᠂ | ᠲᠠᠷᠢᠶᠠᠯᠠᠩ ᠬᠢᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠠᠭᠤᠰᠤᠯᠴᠠᠭᠤᠯᠪᠠ᠃ | ᠭᠤᠷᠪᠠ ᠳᠤ᠂ ᠰᠣᠶᠣᠯ ᠢᠷᠭᠡᠨᠰᠢᠯ ᠤᠨ ᠲᠡᠦᠬᠡ ᠶᠢᠨ ᠰᠤᠳᠤᠯᠤᠨ ᠰᠤᠷᠤᠯᠴᠠᠬᠤ ᠲᠦᠷᠦᠯ ᠲᠡᠮᠳᠡᠭ ᠢ ᠡᠭᠦᠳᠦᠨ᠎ᠡ᠃ | ᠳ᠋ᠤᠤ ᠬᠡᠦ ᠭᠧᠦ ᠶᠢᠨ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠣᠷᠳᠣᠨ ᠤ ᠬᠠᠳᠠᠭᠠᠯᠠᠵᠤ ᠪᠠᠶᠢᠭ᠎ᠠ ᠡᠬᠢ | ᠪᠠᠶᠠᠯᠢᠭ ᠤᠨ ᠰᠤᠷᠭᠠᠨ ᠬᠥᠮᠦᠵᠢᠯ ᠤᠨ ᠲᠦᠷᠦᠯ ᠵᠦᠢᠯ ᠢ ᠨᠡᠭᠡᠭᠡᠨ ᠬᠥᠭᠵᠢᠭᠦᠯᠵᠦ᠂ ᠪᠡᠭᠡᠵᠢᠩ᠂ ᠯᠢᠶᠣᠤᠨᠢᠩ ᠵᠡᠷᠭᠡ | ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠯᠤᠭ᠎ᠠ ᠰᠤᠳᠤᠯᠤᠨ ᠰᠤᠷᠤᠯᠴᠠᠬᠤ ᠬᠠᠮᠲᠤᠷᠠᠯᠴᠠᠭ᠎ᠠ ᠶᠢ ᠢᠳᠡᠪᠬᠢᠲᠡᠢ | ᠥᠷᠨᠢᠭᠦᠯᠵᠦ᠂ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠪᠠ ᠭᠠᠵᠠᠷ ᠰᠢᠨᠵᠢᠯᠡᠭᠡᠨ ᠤ ᠡᠬᠢ ᠪᠠᠶᠠᠯᠢᠭ ᠲᠤ | ᠲᠦᠰᠢᠭᠯᠡᠨ ᠰᠤᠷᠬᠤ ᠨᠠᠰᠤᠨ ᠠᠴᠠ ᠡᠮᠦᠨᠡᠬᠢ ᠬᠡᠦᠬᠡᠳ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠵᠢᠭᠠᠨ ᠰᠤᠷᠭᠠᠯᠲᠠ ᠵᠢᠴᠢ ᠥᠷᠭᠡᠳᠬᠡᠬᠦ ᠵᠢᠭᠠᠨ ᠰᠤᠷᠭᠠᠯᠲᠠ ᠶᠢ ᠥᠷᠨᠢᠭᠦᠯᠦᠨ᠎ᠡ᠃ ᠲᠡᠷᠡᠴᠢᠯᠡᠨ ᠯᠢᠶᠣᠤ ᠤᠯᠤᠰ ᠤᠨ | ᠳᠤᠮᠳᠠᠳᠤ ᠨᠡᠶᠢᠰᠯᠡᠯ ᠤᠨ ᠪᠠᠭᠤᠷᠢ᠂ ᠰᠢᠶᠤᠤ ᠲᠠᠩ ᠱᠠᠨ ᠤ ᠪᠠᠭᠤᠷᠢ ᠵᠡᠷᠭᠡ ᠲᠡᠦᠬᠡ ᠰᠣᠶᠣᠯ ᠤᠨ ᠥᠪ ᠲᠤ | ᠲᠦᠰᠢᠭᠯᠡᠨ ᠲᠡᠦᠬᠡ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠬᠡᠷᠡᠭᠵᠢᠭᠦᠯᠪᠡ᠃ | ᠣᠲᠣ ᠪᠣᠯᠲᠠᠯ᠎ᠠ᠂ ᠰᠢᠶᠠᠨ ᠤ ᠳᠣᠲᠣᠷ᠎ᠠ ᠭᠠᠳᠠᠨᠠᠬᠢ 2 ᠲᠦᠮᠡ ᠭᠠᠷᠤᠶ ᠰᠤᠳᠤᠯᠤᠨ ᠰᠣᠷᠣᠯᠴᠠᠬᠴᠢ ᠶᠢ ᠭᠥᠯᠢᠶᠡᠨ | ᠠᠪᠴᠠᠶ᠃ |