ᠨᠢᠩᠴᠧᠩ ᠰᠢᠶᠠᠨ ᠦᠶᠡᠷ ᠢ ᠰᠡᠷᠭᠡᠶᠢᠯᠡᠬᠦ ᠠᠵᠢᠯ ᠢ ᠰᠠᠶᠢᠳᠤᠷ ᠬᠢᠵᠦ ᠪᠤᠢ
ᠨᠡᠶᠢᠲᠡᠯᠡᠭᠰᠡᠨ ᠴᠠᠭ᠄
2024/6/7
    ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠶᠢ ᠠᠷᠭᠠᠴᠠᠬᠤ ᠲᠣᠭᠲᠠᠴᠠ ᠶᠢ ᠪᠠᠶᠢᠭᠤᠯᠵᠤ᠂ ᠦᠶᠡᠷ ᠢ ᠰᠡᠷᠭᠡᠶᠢᠯᠡᠬᠦ ︽ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠠᠳᠬᠤᠪᠠ᠃ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠳᠤ ᠲᠦᠰᠢᠭᠯᠡᠨ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠰᠢᠭᠤᠳ ᠦᠨᠳᠦᠰᠦᠨ ᠱᠠᠲᠤᠨ ᠤ ᠦᠶᠡᠷ ᠢ ᠰᠡᠷᠭᠡᠶᠢᠯᠡᠬᠦ ᠬᠠᠷᠢᠭᠤᠴᠠᠯᠭᠠᠲᠠᠨ ᠤ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ︽ᠲᠠᠭᠤᠳᠠᠬᠤ︾ ᠲᠣᠭᠲᠠᠴᠠ ᠶᠢ ᠲᠡᠭᠦᠯᠳᠡᠷᠵᠢᠭᠦᠯᠵᠦ᠂ ︽ᠳᠠᠭᠤᠳᠠᠨ ᠰᠡᠷᠭᠦᠭᠡᠬᠦ︾ ᠪᠠ ᠲᠦᠷᠭᠡᠨ ᠬᠠᠷᠢᠭᠤ ᠲᠣᠰᠬᠠᠬᠤ ᠶᠢ ᠦᠨᠡᠨᠬᠦ ᠪᠠᠲᠤᠯᠠᠪᠠ᠃   ᠬᠤᠶᠠᠷ ᠲᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ︽ᠵᠠᠮᠪᠠ︾ ᠶᠢ ᠴᠢᠩᠭ᠎ᠠ ᠴᠣᠭᠴᠠᠯᠠᠪᠠ᠃ ᠰᠣᠩᠭᠢᠨ᠎ᠠ ᠶᠢᠨ ᠭᠤᠤ ᠰᠢᠶᠠᠩ ᠤᠨ ᠯᠣᠣ ᠵᠢᠦᠢ ᠽᠢ ᠲᠣᠰᠬᠤᠨ ᠳᠤ ᠨᠢᠩᠴᠧᠩ ᠰᠢᠶᠠᠨ ᠤ 2024 ᠣᠨ ᠤ ᠠᠭᠤᠯᠠᠨ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠨᠡᠶᠢᠲᠡ 180 ᠭᠠᠷᠤᠢ ᠬᠥᠮᠥᠨ ᠣᠷᠣᠯᠴᠠᠵᠤ ᠂ ᠲᠦᠷᠭᠡᠨ ᠠᠪᠤᠷᠠᠯᠲᠠ ᠶᠢᠨ ᠲᠡᠷᠭᠡ᠂ ᠭᠠᠯ ᠤᠨᠲᠠᠷᠠᠭᠠᠬᠤ ᠲᠡᠷᠭᠡ᠂ ᠪᠠᠴᠢᠮ ᠪᠠᠶᠢᠳᠠᠯ ᠢ ᠠᠷᠭᠠᠴᠠᠬᠤ ᠰᠢᠯᠵᠢᠭᠦᠯᠦᠨ ᠲᠡᠭᠡᠭᠡᠪᠦᠷᠢᠯᠡᠬᠦ ᠲᠡᠷᠭᠡ᠂ ᠠᠶᠤᠯ ᠠᠴᠠ ᠠᠪᠤᠷᠠᠨ ᠲᠤᠰᠠᠯᠠᠬᠤ 10 ᠲᠡᠷᠭᠡ ᠶᠢ ᠬᠥᠳᠡᠯᠭᠡᠪᠡ᠃ ᠡᠭᠦᠨ ᠤ ᠬᠠᠮᠲᠤ᠂ ᠠᠮᠤᠷ ᠲᠦᠪᠰᠢᠨ ᠢᠶᠠᠷ ᠰᠢᠯᠵᠢᠭᠦᠯᠬᠦ᠂ ᠠᠮᠢ ᠵᠢᠭᠤᠲᠠᠵᠤ ᠥᠪᠡᠷ ᠢ ᠪᠠᠨ ᠠᠪᠤᠷᠠᠬᠤ᠂ ᠭᠠᠮᠰᠢᠭ ᠤᠨ ᠳᠠᠷᠠᠭ᠎ᠠ ᠥᠪᠡᠷ ᠢ ᠪᠠᠨ ᠠᠪᠤᠷᠠᠬᠤ ᠵᠡᠷᠭᠡ ᠲᠥᠷᠥᠯ ᠵᠦᠢᠯ ᠤᠨ ᠲᠤᠬᠠᠶ ᠲᠤᠬᠠᠶ ᠶᠢᠨ ᠲᠠᠯᠠᠪᠤᠷ ᠤᠨ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠲᠤᠬᠠᠶ ᠶᠢᠨ ᠲᠠᠯᠠᠪᠠᠶ ᠳᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠪᠠ ᠮᠡᠳᠡᠭᠦᠯᠬᠦ ᠺᠠᠷᠲ ᠢ 200 ᠭᠠᠷᠤᠶ ᠬᠤᠪᠢ ᠲᠠᠷᠬᠠᠭᠠᠪᠠ᠃   ᠭᠤᠷᠪᠠ ᠳᠤ᠂ ᠠᠵᠢᠯ ᠤᠨ ᠡᠬᠡ ᠲᠠᠩᠰᠠ ᠶᠢ ᠲᠣᠭᠲᠠᠭᠠᠵᠤ᠂ ᠦᠶᠡᠷ ᠤᠨ ᠬᠤᠭᠤᠴᠠᠭᠠᠨ ᠤ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠪᠡ᠃ 2024 ᠣᠨ ᠤ ︽ᠰᠢᠶᠠᠨ ᠰᠢᠶᠠᠩ ᠲᠣᠰᠬᠤᠨ︾ ᠭᠤᠷᠪᠠᠨ ᠱᠠᠲᠤᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠠᠶᠤᠯᠲᠠᠶ ᠣᠷᠣᠨ ᠤ ᠨᠠᠷᠢᠨ ᠲᠠᠩᠰᠠ ᠶᠢ ᠰᠢᠨᠡᠳᠬᠡᠨ᠂ ᠠᠶᠤᠯᠲᠠᠶ ᠣᠷᠣᠨ ᠤ ᠨᠠᠷᠢᠨ ᠲᠠᠩᠰᠠ ᠶᠢ ᠦᠨᠳᠦᠰᠦᠯᠡᠨ ᠠᠵᠢᠯ ᠤᠨ ᠡᠬᠡ ᠲᠠᠩᠰᠠ ᠲᠣᠭᠲᠠᠭᠠᠵᠤ᠂ ᠡᠯ᠎ᠡ ᠠᠶᠤᠯᠲᠠᠶ ᠣᠷᠣᠨ ᠤ ︽ᠭᠤᠷᠪᠠᠨ ᠬᠠᠷᠢᠭᠤᠴᠠᠯᠭᠠᠲᠠᠨ︾ ᠢ ᠨᠠᠶᠢᠳᠠᠪᠤᠷᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ᠂ ᠲᠦᠭᠰᠢᠭᠦᠷᠢ ᠶᠢ ᠠᠷᠢᠯᠭᠠᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠦᠶᠡᠷ ᠤᠨ ᠬᠤᠭᠤᠴᠠᠭᠠᠨ ᠤ ᠰᠡᠷᠭᠡᠶᠢᠯᠡᠯᠲᠡ᠂ ᠵᠠᠰᠠᠯᠲᠠ ᠶᠢᠨ ᠨᠠᠷᠢᠯᠢᠭ ᠣᠨᠣᠪᠴᠢᠲᠤ ᠴᠢᠨᠠᠷ ᠢ ᠪᠦᠲᠦᠮᠵᠢᠲᠡᠶ ᠴᠢᠩᠭᠠᠳᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号