| ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ | ᠦᠢᠯᠡᠳᠪᠦᠷᠢᠯᠡᠭᠴᠢ ᠪᠠ ᠪᠣᠷᠣᠯᠠᠭᠤᠯᠤᠭᠴᠢ ᠶᠢᠨ ᠦᠢᠯᠡᠳᠬᠦᠨ ᠤ ᠴᠢᠨᠠᠷ ᠤᠨ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠬᠦ ᠶᠢ ᠰᠢᠪᠠᠳᠠᠨ ᠱᠠᠭᠠᠷᠳᠠᠵᠤ᠂ ᠪᠠᠷᠢᠯᠭ᠎ᠠ ᠶᠢᠨ | ᠮᠠᠲ᠋ᠧᠷᠢᠶᠠᠯ ᠤᠨ ᠦᠢᠯᠡᠳᠬᠦᠨ ᠤ ᠴᠢᠨᠠᠷ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠶᠢᠨ ᠲᠥᠯᠥᠭᠡ᠂ | ᠣᠶᠢᠷ᠎ᠠ ᠳᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠠᠷᠢᠯᠭ᠎ᠠ ᠶᠢᠨ | ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠪᠡ᠃ ᠬᠠᠤᠯᠢ ᠬᠡᠷᠡᠭᠵᠢᠭᠦᠯᠬᠦ ᠠᠵᠢᠯᠲᠠᠨ ᠢᠯᠴᠢ ᠬᠥᠨᠳᠡᠶᠢᠷᠡᠭᠦᠯᠬᠦ ᠬᠥᠭᠡᠰᠦᠷᠬᠡᠭ ᠰᠦᠯᠢᠶᠣᠣ᠂ | ᠪᠠᠷᠢᠯᠭ᠎ᠠ ᠳᠤ ᠬᠡᠷᠡᠭᠯᠡᠬᠦ ᠲᠡᠮᠦᠷᠯᠢᠭ ᠭᠤᠣᠯ ᠬᠠᠪᠲᠠᠰᠤ᠂ ᠡᠩ ᠤᠨ ᠲᠣᠭᠤᠰᠬ᠎ᠠ᠂ ᠴᠠᠬᠢᠯᠭᠠᠨ ᠤᠲᠠᠰᠤ ᠵᠡᠷᠭᠡ | ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠤᠨ ᠦᠢᠯᠡᠳᠬᠦᠨ ᠢ ᠭᠤᠣᠯᠳᠠᠯᠭ᠎ᠠ ᠪᠣᠯᠭᠠᠨ ᠰᠤᠭᠤᠴᠢᠨ | ᠪᠠᠶᠢᠴᠠᠭᠠᠪᠠ᠃ ᠡᠵᠡᠩᠨᠡᠭᠴᠢ ᠶᠢᠨ ᠭᠤᠣᠯ ᠴᠣᠭᠴᠠ ᠶᠢᠨ ᠬᠢᠷᠢ ᠬᠡᠮ᠂ ᠦᠢᠯᠡᠳᠪᠦᠷᠢᠯᠡᠯ ᠪᠣᠷᠣᠯᠠᠭᠤᠯᠭ᠎ᠠ ᠶᠢᠨ | ᠲᠡᠮᠳᠡᠭᠯᠡᠯ᠂ ᠦᠢᠯᠡᠳᠬᠦᠨ ᠤ ᠪᠠᠶᠢᠴᠠᠭᠠᠨ ᠰᠢᠯᠭᠠᠭᠰᠠᠨ ᠮᠡᠳᠡᠭᠦᠯᠦᠯᠲᠡ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠪᠠᠷᠢᠮᠵᠢᠶ᠎ᠠ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠬᠡᠷᠡᠭᠵᠢᠭᠦᠯᠦᠭᠰᠡᠨ ᠡᠰᠡᠬᠦ᠂ | ᠦᠢᠯᠡᠳᠬᠦᠨ ᠤ ᠢᠷᠡᠯᠲᠡ ᠶᠢ ᠨᠡᠬᠡᠮᠵᠢᠯᠡᠵᠦ ᠪᠣᠯᠬᠤ ᠡᠰᠡᠬᠦ᠂ ᠬᠤᠳᠠᠯᠳᠤᠭᠰᠠᠨ ᠲᠠᠸᠠᠷ ᠲᠤ ᠦᠢᠯᠡᠳᠪᠦᠷᠢ ᠶᠢᠨ | ᠨᠡᠷ᠎ᠡ ᠶᠢᠨ ᠦᠢᠯᠡᠳᠪᠦᠷᠢ ᠶᠢᠨ ᠬᠠᠶ᠋ᠢᠭ᠂ ᠪᠠᠶᠢᠴᠠᠭᠠᠨ ᠰᠢᠯᠭᠠᠵᠤ ᠬᠢᠷᠢ ᠲᠡᠩᠴᠡᠭᠰᠡᠨ ᠦᠨᠡᠮᠯᠡᠯ᠂ 3C | ᠭᠡᠷᠡᠴᠢᠯᠡᠭᠡ ᠶᠢᠨ ᠲᠡᠮᠳᠡᠭ ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠬᠦ ᠶᠢᠨ ᠬᠠᠮᠲᠤ ᠤᠯᠠᠭᠠᠨᠬᠠᠳᠠ | ᠬᠤᠲᠠ ᠶᠢᠨ ᠦᠢᠯᠡᠳᠬᠦᠨ ᠤ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠲᠠᠢ ᠬᠠᠮᠲᠤᠷᠠᠨ ᠶᠠᠰᠤ ᠴᠢᠨᠠᠷ ᠲᠤ | ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠦᠢᠯᠡᠳᠬᠦᠨ ᠤ ᠲᠤᠬᠠᠢ ᠶᠢᠨ | ᠲᠠᠯᠠᠪᠠᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠡᠵᠡᠩᠨᠡᠭᠴᠢᠳ ᠢ | ᠰᠢᠮᠳᠠᠭᠤᠯᠵᠤ ᠪᠠᠶᠢᠭᠠᠳ ᠪᠠᠷᠠᠭ᠎ᠠ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠪᠠᠷᠠᠭ᠎ᠠ ᠣᠷᠣᠭᠤᠯᠬᠤ ᠪᠠ | ᠪᠣᠷᠣᠯᠠᠭᠤᠯᠬᠤ ᠡᠬᠡ ᠳᠠᠩᠰᠠ ᠶᠢ ᠪᠠᠶᠢᠭᠤᠯᠤᠨ᠂ ᠬᠠᠭᠤᠷᠮᠠᠭ ᠮᠠᠭᠤ ᠦᠢᠯᠡᠳᠬᠦᠨ ᠤ ᠪᠠᠷᠢᠯᠭ᠎ᠠ ᠶᠢᠨ ᠮᠠᠲ᠋ᠧᠷᠢᠶᠠᠯ ᠤᠨ | ᠵᠠᠬ᠎ᠠ ᠳᠡᠯᠭᠡᠭᠦᠷ ᠲᠤ ᠣᠷᠣᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠣᠲᠣ ᠪᠣᠯᠲᠠᠯ᠎ᠠ᠂ ᠬᠠᠮᠢᠶ᠎ᠠ | ᠪᠥᠬᠦᠶ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠭᠦᠨ ᠢ ᠨᠡᠶᠢᠲᠡ 58 ᠪᠦᠯᠦᠭ ᠰᠤᠭᠤᠴᠢᠨ ᠪᠠᠶᠢᠴᠠᠭᠠᠵᠤ᠂ ᠬᠢᠨᠠᠯᠲᠠ | ᠲᠠᠯᠪᠢᠵᠤ ᠰᠢᠯᠭᠠᠨ ᠪᠠᠶᠢᠴᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ | | | | | | | | | | | | | ᠁ |