| ᠨᠢᠭᠡ ᠳᠤ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ | ᠡᠮᠬᠢᠯᠡᠪᠡ᠃ ︽ᠨᠢᠩᠴᠧᠩ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠣᠷᠣᠨ ᠪᠦᠰᠡ ᠠᠯᠤᠰᠯᠠᠨ | ᠨᠡᠶᠢᠳᠡᠮ ᠭᠦᠢᠴᠡᠳᠭᠡᠬᠦ﹀ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠳᠣᠲᠣᠭᠠᠳᠤ ᠶᠢ ᠬᠠᠮᠠᠭᠠᠯᠠᠬᠤ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠤᠷᠭᠠᠨ ᠬᠥᠮᠥᠵᠢᠯ᠂ ᠡᠮ ᠡᠮᠨᠡᠯᠭᠡ᠂ ᠣᠷᠣᠨ ᠰᠠᠭᠤᠴᠠ᠂ | ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠵᠠᠮ ᠬᠠᠷᠢᠯᠴᠠᠭ᠎ᠠ ᠵᠡᠷᠭᠡ 15 ᠠᠷᠠᠳ ᠤᠨ ᠠᠮᠢᠳᠤᠷᠠᠯ ᠤᠨ | ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠨᠳᠣᠣ ᠭᠠᠵᠠᠷ ᠲᠤ ᠠᠰᠠᠭᠤᠨ ᠯᠠᠪᠯᠠᠬᠤ᠂ ᠣᠨᠳᠣᠣ ᠭᠠᠵᠠᠷ ᠲᠤ | ᠭᠥᠯᠢᠶᠡᠨ ᠠᠪᠴᠤ ᠰᠢᠢᠳᠪᠦᠷᠢᠯᠡᠬᠦ ᠪᠠ ᠣᠨᠳᠣᠣ ᠭᠠᠵᠠᠷ ᠲᠤ ᠰᠢᠢᠳᠪᠦᠷᠢᠯᠡᠵᠦ ᠳᠠᠭᠤᠰᠬᠠᠬᠤ 206 ᠵᠦᠢᠯᠡᠰ ᠢ | ᠡᠮᠬᠢᠯᠡᠨ ᠳᠢᠭᠯᠡᠵᠦ ᠭᠠᠷᠭᠠᠬᠤ ᠶᠢᠨ ᠬᠠᠮᠲᠤ᠂ ᠾᠧᠪᠧᠢ ᠮᠤᠵᠢ ᠶᠢᠨ ᠠᠨ ᠰᠢᠨ ᠰᠢᠶᠠᠨ᠂ ᠴᠧᠩ ᠠᠨ ᠰᠢᠶᠠᠨ᠂ | ᠫᠢᠩᠴᠢᠤᠸᠠᠨ ᠬᠤᠲᠠ᠂ ᠯᠢᠶᠣᠤᠨᠢᠩ ᠮᠤᠵᠢ ᠶᠢᠨ ᠯᠢᠩᠶᠤᠸᠠᠨ ᠬᠤᠲᠠ᠂ ᠬᠠᠷᠠᠴᠢᠨ ᠵᠡᠭᠦᠨ ᠭᠠᠷᠤᠨ ᠰᠢᠶᠠᠨ᠂ | ᠬᠤᠪᠸᠢ ᠮᠤᠵᠢ ᠶᠢᠨ ᠰᠢ ᠱᠦᠢ ᠰᠢᠶᠠᠨ ᠲᠠᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠬᠡᠯᠡᠯᠴᠡᠭᠡᠷ | ᠲᠣᠭᠲᠠᠵᠤ ᠴᠡᠭ ᠬᠠᠷᠠᠭᠠᠯᠵᠠᠭᠤᠯᠤᠨ ᠨᠡᠶᠢᠳᠡᠮ ᠭᠦᠢᠴᠡᠳᠭᠡᠬᠦ ᠶᠢ ᠪᠡᠶᠡᠯᠡᠭᠦᠯᠪᠡ᠃ ᠬᠤᠶᠠᠷ ᠲᠤ᠂ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠣᠩᠬᠤ ᠭᠠᠷᠭᠠᠪᠠ᠃ ᠰᠢᠶᠠᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠦᠢᠯᠡᠴᠢᠯᠡᠭᠡᠨ ᠤ ᠴᠣᠩᠬᠤ ᠭᠠᠷᠭᠠᠵᠤ᠂ ︽ᠬᠦᠯᠢᠶᠡᠨ ᠠᠪᠴᠤ ᠰᠠᠯᠭᠠᠬᠤ︾ ᠠᠵᠢᠯ ᠤᠨ ᠵᠠᠭᠪᠤᠷ ᠢ ᠪᠠᠶᠢᠭᠤᠯᠵᠤ᠂ | ᠬᠡᠷᠡᠭ ᠶᠠᠪᠤᠳᠠᠯ ᠢ ᠭᠦᠢᠴᠡᠳᠬᠡᠬᠦ ᠬᠠᠷᠢᠶ᠎ᠠ ᠣᠷᠣᠨᠵᠢᠭᠤᠯᠤᠭᠰᠠᠨ ᠬᠠᠮᠢᠶᠠᠷᠤᠯᠲᠠ ᠶᠢᠨ ᠬᠢᠵᠠᠭᠠᠷᠯᠠᠯ ᠢ ᠡᠪᠳᠡᠪᠡ᠃ | ᠤᠤᠯ ᠤᠨ ᠠᠵᠢᠯ ᠶᠠᠪᠤᠳᠠᠯ ᠤᠨ ᠡᠷᠬᠡ ᠶᠢ ᠬᠤᠪᠢᠷᠠᠭᠤᠯᠬᠤ ᠦᠭᠡᠢ ᠰᠠᠭᠤᠷᠢᠨ ᠳᠡᠭᠡᠷ᠎ᠡ᠂ ᠭᠤᠶᠤᠴᠢᠯᠠᠭᠴᠢ ᠨᠢ ︽ | ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠴᠣᠩᠬᠤᠪᠴᠢ ᠪᠠᠷ ᠭᠤᠶᠤᠴᠢᠯᠠᠯ ᠤᠨ | ᠮᠠᠲ᠋ᠧᠷᠢᠶᠠᠯ ᠢᠶᠠᠨ ᠲᠤᠰᠢᠶᠠᠵᠤ᠂ ᠴᠣᠩᠬᠤᠪᠴᠢ ᠪᠠᠷ ᠪᠢᠴᠢᠭ ᠮᠠᠲ᠋ᠧᠷᠢᠶᠠᠯ ᠢ ᠬᠤᠷᠢᠶᠠᠭᠰᠠᠨ ᠤ ᠳᠠᠷᠠᠭ᠎ᠠ | ᠭᠤᠶᠤᠴᠢᠯᠠᠯ ᠤᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ᠂ ᠪᠡᠶ᠎ᠡ ᠶᠢᠨ ᠭᠠᠷᠤᠯ ᠢ ᠬᠠᠷᠭᠤᠭᠤᠯᠤᠨ ᠰᠢᠯᠭᠠᠵᠤ᠂ | ᠲᠤᠬᠠᠶᠢᠯᠠᠭᠰᠠᠨ ᠠᠵᠢᠯ ᠤᠨ ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠬᠢᠨᠠᠨ | ᠵᠥᠪᠰᠢᠶᠡᠷᠡᠭᠦᠯᠵᠦ ᠪᠣᠯᠤᠨ᠎ᠠ᠃ ᠭᠤᠶᠤᠴᠢᠯᠠᠯ ᠤᠨ ᠮᠠᠲ᠋ᠧᠷᠢᠶᠠᠯ ᠤᠨ ᠤᠭ ᠮᠠᠲ᠋ᠧᠷᠢᠶᠠᠯ ᠢ ᠡᠷᠬᠡᠪᠰᠢ ᠬᠢᠨᠠᠨ | ᠪᠠᠶᠢᠴᠠᠭᠠᠬᠤ ᠬᠡᠷᠡᠭᠲᠡᠶ ᠪᠣᠯ ᠰᠢᠦᠳᠠᠨ ᠤ ᠢᠯᠡᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ | ᠬᠠᠷᠢᠶ᠎ᠠ ᠭᠠᠵᠠᠷ ᠤᠨ ᠰᠠᠯᠠᠭ᠎ᠠ ᠮᠥᠴᠢᠷ ᠲᠤ ᠬᠦᠷᠭᠡᠵᠦ ᠭᠦᠢᠴᠡᠳᠬᠡᠯᠭᠡᠨ᠎ᠡ᠃ ᠣᠳᠣᠬᠠᠨ ᠪᠣᠯᠲᠠᠯ᠎ᠠ᠂ ᠨᠡᠶᠢᠲᠡ 300 | ᠭᠠᠷᠤᠢ ᠵᠦᠢᠯ ᠢ ᠭᠦᠢᠴᠡᠳᠭᠡᠪᠡ᠃ ᠭᠤᠷᠪᠠ ᠳᠤ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠰᠢᠤᠳᠠᠨ ᠤ | ᠬᠦᠷᠭᠡᠯᠲᠡ ᠪᠠ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠰᠠᠭᠠᠳ ᠥᠬᠡᠶ | ᠨᠡᠪᠲᠡᠷᠡᠭᠦᠯᠪᠡ᠃ ᠰᠢᠦᠳᠠᠨ ᠤ ᠢᠯᠡᠭᠡᠵᠦ ᠬᠦᠷᠭᠡᠬᠦ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠠᠵᠤ | ᠠᠬᠤᠶᠢᠯᠠᠯ ᠪᠣᠯᠤᠨ ᠣᠯᠠᠨ ᠲᠦᠮᠡᠨ ᠤ ᠢᠯᠡᠭᠡᠵᠦ ᠬᠦᠷᠭᠡᠬᠦ ᠮᠠᠲ᠋ᠧᠷᠢᠶᠠᠯ ᠳᠤ ᠳᠥᠭᠦᠮ ᠦᠵᠡᠭᠦᠯᠵᠦ᠂ ︽ᠲᠦᠷᠭᠡᠨ | ᠭᠦᠷᠭᠡᠯᠲᠡ︾ ᠪᠠᠷ ︽ᠣᠯᠠᠨ ᠲᠦᠮᠡᠨ ᠤ ᠭᠦᠶᠦᠬᠦ︾ ᠶᠢ ᠣᠷᠣᠯᠠᠭᠤᠯᠤᠨ᠎ᠠ᠃ ᠠᠵᠤ ᠠᠬᠤᠶᠢᠯᠠᠯ ᠪᠠ ᠣᠯᠠᠨ | ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠣᠨᠳᠣᠤ ᠭᠠᠵᠠᠷ ᠲᠤ ᠭᠦᠢᠴᠡᠳᠭᠡᠬᠦ ᠵᠦᠢᠯᠡᠰ ᠲᠤ ᠠᠩᠬᠠᠷᠤᠯ ᠢᠶᠠᠨ | ᠲᠥᠪᠯᠡᠷᠡᠭᠦᠯᠵᠦ᠂ ᠦᠨ᠎ᠡ ᠲᠥᠯᠥᠪᠦᠷᠢ ᠥᠬᠡᠶ ᠪᠠᠷ ᠬᠠᠪᠰᠤᠷᠤᠨ ᠭᠦᠢᠴᠡᠳᠭᠡᠬᠦ᠂ ᠣᠷᠣᠯᠠᠨ ᠭᠦᠢᠴᠡᠳᠭᠡᠬᠦ | ᠦᠢᠯᠡᠴᠢᠯᠡᠭᠡ ᠶᠢ ᠬᠡᠷᠡᠭᠵᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠴᠠᠭ ᠵᠥᠷᠢᠭᠦᠯᠬᠦ᠂ ᠴᠠᠭ ᠢ | ᠤᠷᠲᠤᠳᠬᠠᠬᠤ ᠦᠢᠯᠡᠴᠢᠯᠡᠭᠡ ᠬᠠᠩᠭᠠᠵᠤ᠂ ᠠᠳᠠᠯᠢ ᠪᠤᠰᠤ ᠬᠠᠮᠲᠤᠯᠢᠭ ᠤᠨ ᠵᠦᠷᠢᠶᠡᠴᠢᠯᠡᠭᠰᠡᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠳᠤ ᠬᠦᠴᠦᠨ ᠨᠡᠮᠡᠷᠢᠯᠡᠪᠡ᠃ | 2024 ᠣᠨ ᠤ 7 ᠰᠠᠷ᠎ᠠ ᠪᠣᠯᠲᠠᠯ᠎ᠠ᠂ ᠰᠦᠢᠳᠬᠡᠯ ᠬᠤᠷᠢᠶᠠᠬᠤ ᠦᠭᠡᠢ ᠪᠠᠷ ᠤᠯᠠᠨ ᠲᠦᠮᠡᠨ ᠤ ᠭᠠᠷ | ᠭᠦᠢᠴᠡᠳᠭᠡᠯ ᠤᠨ ᠮᠠᠲ᠋ᠧᠷᠢᠶᠠᠯ ᠢ 79 ᠬᠤᠪᠢ ᠢᠯᠡᠭᠡᠪᠡ᠃ | |