ᠨᠢᠩᠴᠧᠩ ᠰᠢᠶᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/7/12
   ᠨᠢᠭᠡ ᠳᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢ ᠵᠢᠷᠤᠮᠵᠢᠭᠤᠯᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠲᠦᠷᠢᠮ ᠢ ᠠᠬᠢᠭᠤᠯᠤᠨ ᠨᠠᠶᠢᠳᠠᠪᠤᠷᠢᠵᠢᠭᠤᠯᠵᠤ᠂ ᠡᠯ᠎ᠡ ᠰᠤᠷᠭᠠᠭᠤᠯᠢ ᠳᠤ ᠲᠤᠰᠬᠠᠶ ᠮᠡᠷᠭᠡᠵᠢᠯ ᠤᠨ ᠠᠬᠤᠶ ᠪᠠᠶᠢᠳᠠᠯ ᠪᠤᠶᠤ ᠲᠤᠰᠬᠠᠶ ᠮᠡᠷᠭᠡᠵᠢᠯ ᠤᠨ ᠥᠩᠭᠡᠷᠡᠯᠲᠡ ᠲᠠᠢ ᠺᠠᠳ᠋ᠷ ᠲᠤᠬᠢᠷᠠᠭᠤᠯᠤᠨ᠎ᠠ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠭᠤᠷᠪᠠᠨ ᠵᠢᠯ ᠳᠤ ᠠᠵᠢᠯ ᠤᠨ ᠪᠠᠶᠢᠷᠢ ᠡᠭᠡᠯᠵᠢᠯᠡᠭᠦᠯᠦᠨ ᠰᠤᠯᠢᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ᠂ ᠪᠠᠭᠰᠢ ᠶᠢᠨ ᠠᠵᠢᠯ ᠤᠨ ᠪᠠᠶᠢᠷᠢ ᠶᠢ ᠰᠤᠯᠢᠬᠤ ᠶᠢ ᠭᠦᠨᠵᠡᠭᠡᠶ ᠠᠬᠢᠭᠤᠯᠤᠨ᠎ᠠ᠃ ᠣᠳᠣᠬᠠᠨ ᠳᠤ ᠬᠥᠳᠡᠭᠡ ᠲᠣᠰᠬᠤᠨ ᠤ ᠰᠤᠷᠭᠠᠭᠤᠯᠢ ᠶᠢᠨ ᠵᠠᠬᠢᠷᠤᠯ 18 ᠬᠥᠮᠦᠨ ᠠᠵᠢᠯ ᠤᠨ ᠪᠠᠶᠢᠷᠢ ᠢᠶᠠᠨ ᠰᠤᠯᠢᠵᠦ᠂ ᠬᠤᠲᠠ ᠲᠣᠭᠤᠷᠢᠭ ᠤᠨ ᠭᠤᠷᠪᠠᠨ ᠰᠢᠯᠢᠳᠡᠭ ᠰᠤᠷᠭᠠᠭᠤᠯᠢ ᠶᠢᠨ ᠵᠠᠬᠢᠷᠤᠯ ᠢ ᠬᠥᠳᠡᠭᠡ ᠲᠣᠰᠬᠤᠨ ᠤ ᠰᠤᠷᠭᠠᠭᠤᠯᠢ ᠳᠤ ᠣᠴᠢᠵᠦ᠂ 150 ᠭᠤᠤᠯᠯᠠᠭᠴᠢ ᠪᠠᠭᠰᠢ ᠠᠵᠢᠯ ᠤᠨ ᠪᠠᠶᠢᠷᠢ ᠰᠤᠯᠢᠪᠠ᠃ ᠡᠭᠦᠨ ᠤ ᠬᠠᠮᠲᠤ ᠰᠢᠶᠠᠨ ᠤ ᠬᠡᠪᠴᠢᠶᠡᠨ ᠳᠠᠬᠢ ᠣᠷᠣᠨ ᠲᠤᠭ᠎ᠠ ᠶᠢᠨ ᠬᠠᠮᠢᠶᠠᠷᠤᠯᠲᠠ ᠶᠢᠨ ᠬᠡᠷᠡᠭᠯᠡᠬᠦ ᠠᠷᠭ᠎ᠠ ᠶᠢ ᠰᠢᠯᠢᠳᠡᠭᠵᠢᠭᠦᠯᠵᠦ᠂ ᠪᠠᠭᠰᠢ ᠶᠢᠨ ᠡᠷᠭᠢᠯᠲᠡ ᠶᠢᠨ ᠬᠦᠮᠦᠷᠭᠡ ᠶᠢ ᠪᠠᠶᠢᠭᠤᠯᠵᠤ᠂ ᠣᠷᠣᠨ ᠲᠤᠭ᠎ᠠ ᠶᠢᠨ ᠶᠡᠷᠦᠩᠬᠡᠶ ᠬᠡᠮᠵᠢᠶ᠎ᠡ ᠶᠢᠨ 2.4% ᠶᠣᠰᠣᠭᠠᠷ᠂ 150 ᠬᠥᠮᠦᠨ ᠤ ᠡᠷᠭᠢᠯᠲᠡ ᠶᠢᠨ ᠬᠦᠮᠦᠷᠭᠡ ᠶᠢᠨ ᠣᠷᠣᠨ ᠲᠤᠭ᠎ᠠ ᠶᠢ ᠪᠠᠶᠢᠭᠤᠯᠪᠠ᠃ ᠬᠤᠶᠠᠷ ᠲᠤ᠂ ᠲᠤᠰᠬᠠᠶ ᠮᠡᠷᠭᠡᠵᠢᠯ ᠤᠨ ᠬᠥᠮᠦᠵᠢᠯ ᠢ ᠳᠣᠪᠤᠶᠢᠯᠭᠠᠵᠤ᠂ ᠪᠠᠭᠰᠢ ᠶᠢᠨ ᠡᠩᠨᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ᠃ ︽ᠨᠢᠩᠴᠧᠩ ᠰᠢᠶᠠᠨ ᠤ ᠪᠠᠭᠰᠢ ᠶᠢᠨ ᠡᠩᠨᠡᠭᠡᠨ ᠤ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭᠠᠨ ᠤ ᠲᠥᠰᠦᠯ ︵2024 - 2026︶︾ ᠢ ᠨᠡᠶᠢᠲᠡᠯᠡᠵᠦ᠂ ᠪᠦᠬᠦ ᠪᠠᠭᠰᠢ ᠠᠵᠢᠯᠲᠠᠨ ᠢ ᠪᠤᠯᠪᠠᠰᠤᠷᠠᠯ ᠳᠤ ᠤᠷᠤᠯᠴᠠᠭᠤᠯᠬᠤ ᠲᠦᠷᠢᠮ ᠪᠠ ᠪᠤᠯᠪᠠᠰᠤᠷᠠᠯ ᠤᠨ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ︽ᠭᠤᠤᠯᠯᠠᠭᠴᠢ ᠪᠠᠭᠰᠢ ᠶᠢ ᠬᠥᠮᠦᠵᠢᠭᠦᠯᠬᠦ ᠲᠥᠯᠥᠪᠯᠡᠭᠡ︾᠂ ︽ᠨᠠᠷᠠᠲᠤ ᠪᠠᠭᠰᠢ ᠶᠢᠨ ᠢᠨᠵᠧᠨᠧᠷᠢᠩ︾ ᠵᠡᠷᠭᠡ ᠰᠢᠯᠢᠳᠡᠭ ᠢ ᠪᠤᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠨᠠᠷᠠᠲᠤ ᠰᠢᠯᠢᠳᠡᠭ ᠲᠠᠰ ᠤᠨ ᠭᠤᠤᠯᠯᠠᠭᠴᠢ ᠪᠠᠭᠰᠢ ᠶᠢ ᠵᠣᠬᠢᠶᠠᠨ ᠪᠠᠶᠢᠭᠤᠯᠵᠤ ︽ᠪᠤᠯᠪᠠᠰᠤᠷᠠᠯ ᠢ ᠬᠥᠳᠡᠭᠡ ᠬᠦᠷᠭᠡᠬᠦ︾ ︽ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠥᠷᠨᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠵᠡᠷᠭᠡ ᠲᠥᠷᠥᠯ ᠵᠦᠢᠯ ᠢ ᠠᠰᠢᠭᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠲᠠᠰ ᠤᠨ ᠬᠠᠮᠢᠶᠠᠷᠤᠯᠲᠠ ᠶᠢᠨ ᠺᠠᠳ᠋ᠷ᠂ ᠭᠤᠤᠯᠯᠠᠭᠴᠢ ᠪᠠᠭᠰᠢ ᠵᠡᠷᠭᠡ ᠶᠢ ᠵᠣᠬᠢᠶᠠᠨ ᠪᠠᠶᠢᠭᠤᠯᠤᠨ ᠪᠡᠭᠡᠵᠢᠩ ᠤᠨ ᠱᠢ ᠵᠢᠩ ᠱᠠᠨ ᠲᠣᠭᠤᠷᠢᠭ ᠲᠤ ᠣᠴᠢᠭᠤᠯᠤᠨ ᠪᠤᠯᠪᠠᠰᠤᠷᠠᠯ ᠳᠤ ᠣᠷᠣᠯᠴᠠᠭᠤᠯᠵᠤ᠂ ᠲᠣᠰ ᠭᠠᠵᠠᠷ ᠣᠷᠣᠨ ᠤ ᠨᠠᠷᠠᠲᠤ ᠪᠠᠭᠰᠢ ᠪᠠ ᠲᠤᠰᠬᠠᠶ ᠮᠡᠷᠭᠡᠵᠢᠯᠲᠡᠨ ᠤ ᠡᠩᠨᠡᠭᠡ ᠶᠢ ᠬᠦᠴᠦᠯᠡᠨ ᠬᠥᠮᠦᠵᠢᠭᠦᠯᠦᠨ᠎ᠡ᠃ ᠭᠤᠷᠪᠠ ᠳᠤ᠂ ᠬᠠᠷᠠᠭᠠᠯᠵᠠᠯ ᠤᠨ ᠤᠷᠮᠠᠰᠢᠭᠤᠯᠤᠯ ᠢ ᠴᠢᠩᠭᠠᠳᠬᠠᠵᠤ᠂ ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠣᠯᠭᠤᠮᠵᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠲᠥᠷᠥᠯ ᠤᠨ 6 ᠪᠠᠭᠰᠢ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ ᠰᠦᠢᠳᠬᠡᠯ ᠬᠤᠷᠢᠶᠠᠬᠤ ᠦᠭᠡᠶ ᠰᠤᠷᠤᠭᠴᠢ᠂ ᠮᠤᠵᠢ ︵ᠣᠷᠣᠨ︶ ᠶᠢᠨ ᠳᠡᠰ ᠵᠢᠴᠢ ᠲᠡᠭᠦᠨ ᠠᠴᠠ ᠳᠡᠭᠡᠭᠰᠢᠬᠢ ᠵᠢᠭᠠᠨ ᠰᠤᠷᠭᠠᠯᠲᠠ ᠶᠢᠨ ᠴᠢᠳᠠᠪᠤᠷᠢᠲᠠᠨ ᠪᠤᠶᠤ ᠡᠷᠳᠡᠮ ᠰᠢᠨᠵᠢᠯᠡᠭᠡᠨ ᠤ ᠳᠠᠭᠠᠭᠤᠯᠤᠭᠴᠢ᠂ ᠠᠶᠢᠮᠠᠭ ︵ᠬᠤᠲᠠ︶ ᠤᠨ ᠱᠠᠲᠤᠨ ᠤ ᠵᠢᠭᠠᠨ ᠰᠤᠷᠭᠠᠯᠲᠠ ᠶᠢᠨ ᠴᠢᠳᠠᠪᠤᠷᠢᠲᠠᠨ ᠪᠤᠶᠤ ᠡᠷᠳᠡᠮ ᠰᠢᠨᠵᠢᠯᠡᠭᠡᠨ ᠤ ᠳᠠᠭᠠᠭᠤᠯᠤᠭᠴᠢ ᠶᠢ ᠣᠷᠣᠭᠤᠯᠤᠨ ᠠᠪᠴᠢᠷᠠᠵᠤ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠭᠤᠤᠯᠳᠠᠯᠭ᠎ᠠ ᠲᠠᠢ ᠪᠠᠭᠰᠢ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ᠂ ︽ᠬᠤᠤᠰ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ᠂ ᠮᠤᠵᠢ ᠶᠢᠨ ᠬᠠᠷᠢᠶ᠎ᠠ ᠭᠤᠤᠯᠳᠠᠯᠭ᠎ᠠ ᠲᠠᠢ ᠪᠠᠭᠰᠢ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠴᠠᠭᠰᠠᠨ ᠨᠠᠮᠲᠠᠷ ᠲᠠᠢ ᠬᠥᠮᠦᠰ ᠢ ᠣᠷᠣᠭᠤᠯᠤᠨ ᠠᠪᠴᠢᠷᠠᠨ᠎ᠠ᠃ ᠣᠲᠣ ᠪᠣᠯᠲᠠᠯ᠎ᠠ᠂ ᠨᠢᠭᠡᠨᠲᠡ 37 ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠠᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号