ᠨᠢᠩᠴᠧᠩ ᠰᠢᠶᠠᠨ ︽  ᠭᠤᠷᠪᠠ ᠶᠢ ᠲᠤᠪᠤᠶᠢᠯᠭᠠᠵᠤ︾ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/12
    ᠨᠢᠭᠡ ᠳᠤ᠂ ᠰᠠᠭᠤᠷᠢ ᠪᠠᠶᠢᠭᠤᠯᠤᠯᠲᠠ ᠶᠢ ᠲᠤᠪᠤᠶᠢᠯᠭᠠᠵᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠰᠠᠭᠤᠷᠢ ᠲᠦᠭᠦᠭᠡᠷᠤᠮᠵᠢ ᠶᠢᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠨ᠎ᠡ᠃ ᠡᠨᠡ ᠵᠢᠯ ᠠᠴᠠ ᠨᠠᠰᠢ ᠂ 8000 ᠲᠡᠭᠰᠢ ᠳᠥᠷᠪᠡᠯᠵᠢᠨ ᠮᠧᠲᠷ ᠤᠨ ᠳᠠᠳᠤᠯᠭ᠎ᠠ ᠪᠣᠯᠪᠠᠰᠤᠷᠠᠯ ᠤᠨ ᠠᠰᠠᠷ᠂ 6000 ᠲᠡᠭᠰᠢ ᠳᠥᠷᠪᠡᠯᠵᠢᠨ ᠮᠧᠲᠷ ᠤᠨ ᠪᠠᠶᠢᠷᠢ ᠶᠢᠨ ᠠᠰᠠᠷ ᠢ ᠰᠢᠨ᠎ᠡ ᠪᠠᠷ ᠪᠠᠶᠢᠭᠤᠯᠵᠤ᠂ ᠮᠡᠳᠡᠭᠦᠯᠦᠯᠲᠡ ᠶᠢᠨ ᠲᠢᠩᠬᠢᠮ ᠵᠢᠴᠢ ᠬᠤᠭᠤᠯᠠᠨ ᠭᠡᠷ ᠤᠨ ᠠᠰᠠᠷ ᠢ 7500 ᠲᠡᠭᠰᠢ ᠳᠥᠷᠪᠡᠯᠵᠢᠨ ᠮᠧᠲᠷ ᠪᠠᠶᠢᠭᠤᠯᠪᠠ᠃ ᠠᠵᠢᠯ ᠮᠡᠷᠭᠡᠵᠢᠯ ᠤᠨ ᠰᠤᠷᠤᠭᠴᠢ ᠡᠯᠰᠡᠬᠦ ᠬᠡᠪᠴᠢᠶ᠎ᠡ ᠶᠢ ᠵᠢᠯ ᠳᠠᠷᠠᠭᠠᠯᠠᠨ ᠯᠠᠪᠳᠠᠭᠤᠨ ᠢᠶᠠᠷ ᠥᠷᠭᠡᠳᠬᠡᠵᠦ᠂ 2024 ᠣᠨ ᠳᠤ 600 ᠰᠤᠷᠤᠬᠴᠢ ᠶᠢ ᠨᠡᠮᠡᠵᠦ ᠡᠯᠰᠡᠬᠦ ᠪᠠᠷ ᠲᠥᠯᠥᠪᠯᠡᠨ᠎ᠠ᠃ ᠬᠤᠶᠠᠷ ᠲᠤ ᠪᠠᠶᠢᠭᠤᠯᠤᠯ ᠤᠨ ᠪᠠᠶᠢᠭᠤᠯᠤᠯᠲᠠ ᠶᠢ ᠳᠣᠪᠤᠶᠢᠯᠭᠠᠵᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠬᠠᠮᠢᠶᠠᠷᠤᠯᠲᠠ ᠶᠢᠨ ᠪᠠᠶᠢᠭᠤᠯᠤᠯ ᠢ ᠢᠳᠡᠪᠬᠢᠲᠡᠶ ᠪᠠᠷ ᠪᠠᠶᠢᠭᠤᠯᠵᠤ᠂ ᠪᠦᠬᠦ ᠠᠵᠢᠯᠲᠠᠨ ᠤ ᠶᠣᠰᠣ ᠰᠤᠷᠲᠠᠬᠤᠨ ᠤ ᠬᠥᠮᠦᠵᠢᠯ ᠪᠣᠯᠤᠨ ᠰᠤᠷᠤᠭᠴᠢ ᠶᠢᠨ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠤᠨ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠪᠠ ᠳᠤᠭᠤᠶᠢᠯᠠᠩ ᠬᠠᠮᠲᠤᠷᠠᠨ ᠰᠤᠷᠤᠯᠴᠠᠬᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠵᠠᠭᠪᠤᠷ ᠢ ᠠᠬᠢᠭᠤᠯᠵᠤ᠂ ᠣᠨ ᠤ ᠬᠢᠴᠢᠶᠡᠯ ᠲᠥᠷᠥᠯ ᠤᠨ ᠳᠦᠷᠢᠮ ᠠᠴᠠ ᠲᠤᠰᠬᠠᠶ ᠮᠡᠷᠭᠡᠵᠢᠯ ᠤᠨ ᠬᠡᠯᠲᠡᠰ ᠵᠣᠬᠢᠶᠠᠨ ᠪᠠᠶᠢᠭᠤᠯᠬᠤ ᠳᠦᠷᠢᠮ ᠤᠨ ᠬᠤᠪᠢᠷᠠᠯᠲᠠ ᠶᠢ ᠪᠡᠶᠡᠯᠡᠭᠦᠯᠦᠨ᠂ ᠰᠤᠷᠭᠠᠭᠤᠯᠢ ᠶᠢᠨ ᠬᠠᠮᠢᠶᠠᠷᠤᠯᠲᠠ᠂ ᠶᠣᠰᠣ ᠰᠤᠷᠲᠠᠬᠤᠨ ᠤ ᠬᠥᠮᠦᠵᠢᠯ ᠤᠨ ᠠᠵᠢᠯ ᠪᠣᠯᠤᠨ ᠠᠵᠢᠯ ᠲᠥᠷᠥᠯ ᠢᠶᠠᠷ ᠢᠶᠠᠨ ᠰᠤᠷᠭᠠᠭᠤᠯᠢ ᠳᠡᠪᠰᠢᠬᠦ ᠭᠤᠷᠪᠠᠨ ᠶᠡᠭᠡ ᠣᠨᠴᠠᠯᠢᠭ ᠢ ᠪᠦᠷᠢᠯᠳᠦᠭᠦᠯᠵᠦ᠂ ︽ᠭᠤᠷᠪᠠᠨ ᠪᠦᠷᠢᠨ ᠬᠥᠮᠦᠨ ᠢ ᠬᠥᠮᠦᠵᠢᠭᠦᠯᠬᠦ︾ ᠰᠢᠰᠲ᠋ᠧᠮ ᠢ ᠪᠠᠶᠢᠭᠤᠯᠪᠠ᠃ 2023 ᠣᠨ ᠤ 9 ᠰᠠᠷ᠎ᠠ ᠳᠤ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ︽ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠤ ᠬᠠᠮᠲᠤ ᠨᠡᠶᠢᠲᠡ︾ ᠶᠢᠨ ᠢᠷᠠᠭᠤ ᠠᠯᠳᠠᠷ ᠤᠨ ᠴᠣᠯᠠ ᠣᠯᠭᠤᠪᠠ᠃ ᠭᠤᠷᠪᠠ ᠳᠤ᠂ ᠳᠣᠲᠣᠭᠠᠳᠤ ᠭᠠᠳᠠᠭᠠᠳᠤ ᠶᠢᠨ ᠬᠦᠴᠦᠨ ᠢ ᠳᠣᠪᠤᠶᠢᠯᠭᠠᠵᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠡᠮᠬᠢᠯᠡᠨ ᠰᠢᠯᠢᠳᠡᠭᠵᠢᠭᠦᠯᠵᠦ᠂ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠢ ᠪᠠᠷᠢᠮᠲᠠᠯᠠᠨ ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠤᠯᠠᠭᠠᠨᠬᠠᠳᠠ ᠶᠢᠨ ᠬᠡᠷᠡᠭᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠨᠢᠩᠴᠧᠩ ᠤᠨ ᠠᠨᠳᠢ ᠶᠢᠨ ᠮᠠᠰᠢᠨ ᠲᠡᠷᠭᠡ ᠰᠡᠯᠪᠢᠨ ᠵᠠᠰᠠᠬᠤ᠂ ᠬᠢᠳᠠᠨ ᠬᠠᠭᠠᠨ ᠤ ᠬᠠᠳᠬᠤᠮᠠᠯ ᠵᠡᠷᠭᠡ 20 ᠭᠠᠷᠤᠶ ᠰᠢᠶᠠᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠪᠠ ᠳᠡᠭᠡᠳᠦ ᠰᠤᠷᠭᠠᠭᠤᠯᠢ ᠲᠠᠢ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠪᠠ᠃ 2022 ᠣᠨ ᠤ 5 ᠰᠠᠷ᠎ᠠ ᠳᠤ᠂ ᠨᠢᠩᠴᠧᠩ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠶᠢ ᠪᠠᠶᠢᠭᠤᠯᠵᠤ᠂ 21 ᠪᠦᠷᠢᠯᠳᠦᠬᠦᠨ ᠨᠢᠭᠡᠴᠡ ᠶᠢ ᠰᠢᠩᠭᠡᠭᠡᠨ ᠠᠪᠴᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号