ᠨᠢᠩᠴᠧᠩ ᠰᠢᠶᠠᠨ ᠲᠦᠷᠢᠶᠡᠰᠦᠨ ᠮᠠᠰᠢᠨ ᠲᠡᠷᠭᠡᠨ ᠤ ᠢᠲᠡᠭᠡᠮᠵᠢ ᠶᠢᠨ ᠪᠠᠢᠭᠤᠯᠤᠯᠲᠠ ᠶᠢ ᠰᠠᠶᠢᠳᠤᠷ ᠬᠢᠨ᠎ᠡ
ᠨᠡᠶᠢᠲᠡᠯᠡᠭᠰᠡᠨ ᠴᠠᠭ᠄
2024/7/15
    ᠨᠢᠭᠡ ᠳᠤ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ᠲᠦᠷᠢᠶᠡᠰᠦᠨ ᠮᠠᠰᠢᠨ ᠲᠡᠷᠭᠡᠨ ᠳᠡᠭᠡᠷ᠎ᠡ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠬᠢᠨᠠᠯᠲᠠ ᠲᠠᠯᠪᠢᠬᠤ ᠺᠠᠷᠲ ᠢ 1280 ᠨᠠᠭᠠᠵᠤ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠲᠠᠢ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠠᠮᠠᠯᠠᠯᠲᠠ ᠶᠢᠨ ᠪᠢᠴᠢᠭ︾ ᠢ 1280 ᠬᠤᠪᠢ  ᠲᠤᠬᠳᠠᠵᠦ᠂ ᠲᠦᠷᠢᠶᠡᠰᠦᠨ ᠮᠠᠰᠢᠨ ᠲᠡᠷᠭᠡᠨ ᠤ 542 ᠵᠢᠯᠣᠭᠤᠴᠢ ᠶᠢ 7 ᠪᠦᠯᠦᠭ ᠤᠳᠠᠭ᠎ᠠ ᠬᠤᠪᠢᠶᠠᠨ ᠦᠨᠡᠨᠴᠢ ᠢᠲᠡᠭᠡᠮᠵᠢ ᠶᠢᠨ ᠪᠤᠯᠪᠠᠰᠤᠷᠠᠯ ᠳᠤ ᠲᠥᠪᠯᠡᠷᠡᠭᠦᠯᠦᠨ ᠰᠤᠷᠤᠯᠴᠠᠭᠤᠯᠪᠠ᠃   ᠬᠤᠶᠠᠷ ᠲᠤ ᠢᠲᠡᠭᠡᠮᠵᠢ ᠶᠢᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠎ᠠ᠃ ᠲᠦᠷᠢᠶᠡᠰᠦᠨ ᠮᠠᠰᠢᠨ ᠤ ᠵᠢᠯᠣᠭᠤᠴᠢ ᠶᠢᠨ ᠲᠣᠭᠲᠠᠭᠠᠯ ᠠᠴᠠ ᠵᠥᠷᠢᠴᠡᠨ ᠡᠵᠡᠩᠨᠡᠬᠦ ᠪᠠ ᠦᠢᠯᠡᠴᠢᠯᠡᠭᠡᠨ ᠤ ᠴᠢᠨᠠᠷ ᠤᠨ ᠢᠲᠡᠭᠡᠯ ᠬᠦᠨᠳᠦ ᠶᠢ ᠬᠢᠨᠠᠨ ᠰᠢᠯᠭᠠᠵᠤ ᠬᠤᠪᠢ ᠲᠣᠭᠲᠠᠭᠠᠬᠤ ᠶᠢ ᠵᠠᠪᠰᠠᠷ ᠥᠬᠡᠶ ᠵᠣᠯᠭᠠᠭᠤᠯᠵᠤ᠂ ᠦᠨᠡᠨᠴᠢ ᠢᠲᠡᠭᠡᠮᠵᠢ ᠥᠬᠡᠶ ᠲᠣᠭᠲᠠᠭᠠᠯ ᠠᠴᠠ ᠵᠦᠷᠢᠴᠡᠭᠰᠡᠨ 197 ᠠᠵᠢᠯᠯᠠᠭ᠎ᠠ ᠶᠢ ᠵᠠᠯᠠᠷᠠᠭᠤᠯᠵᠤ᠂ 80 ᠦᠨᠡᠨᠴᠢ ᠢᠲᠡᠭᠡᠮᠵᠢ ᠥᠬᠡᠶ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠰᠢᠳᠬᠡᠵᠦ᠂ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠨ ᠦᠢᠯᠡᠴᠢᠯᠡᠭᠡᠨ ᠤ ᠬᠢᠷᠢ ᠲᠦᠪᠰᠢᠨ ᠪᠠ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠪᠡ᠃ ᠭᠤᠷᠪᠠ ᠳᠤ᠂ ᠢᠲᠡᠭᠡᠮᠵᠢᠲᠡᠶ ᠪᠠᠶᠢᠬᠤ ᠲᠣᠭᠲᠠᠴᠠ ᠶᠢ ᠪᠦᠷᠢᠨᠰᠢᠭᠦᠯᠦᠨ᠎ᠡ᠃ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠦᠢᠯᠡᠴᠢᠯᠡᠭᠡᠨ ᠤ ᠴᠢᠨᠠᠷ ᠢᠲᠡᠭᠡᠯ ᠬᠦᠨᠳᠦ ᠶᠢ ᠬᠢᠨᠠᠨ ᠰᠢᠯᠭᠠᠬᠤ ᠵᠡᠷᠭᠡ ᠳᠡᠰ ᠨᠢ AA ᠲᠠᠰ᠂ ᠦᠢᠯᠡᠴᠢᠯᠡᠭᠡᠨ ᠤ ᠶᠠᠰᠤ ᠴᠢᠨᠠᠷ ᠢᠲᠡᠭᠡᠯ ᠬᠦᠨᠳᠦ ᠶᠢ ᠬᠢᠨᠠᠨ ᠰᠢᠯᠭᠠᠬᠤ ᠬᠤᠪᠢ ᠶᠢᠨ ᠥᠷᠲᠡᠭ ᠨᠢ 20 ᠬᠤᠪᠢ ᠠᠴᠠ ᠳᠡᠭᠡᠭᠰᠢ ᠪᠠᠶᠢᠪᠠᠯ᠂ ︽ᠴᠢᠨᠠᠷ ᠰᠠᠶᠢᠲᠠᠶ ᠦᠢᠯᠡᠴᠢᠯᠡᠭᠡᠨ ᠤ ᠵᠢᠯᠣᠭᠤᠴᠢ᠂ ᠣᠳᠣᠨ ᠲᠠᠰ ᠤᠨ ᠵᠢᠱᠢᠶ᠎ᠡ ᠦᠵᠡᠭᠦᠯᠬᠦ ᠲᠡᠷᠭᠡ᠂ ᠬᠤᠰᠢᠭᠤᠴᠢ ᠵᠢᠱᠢᠶ᠎ᠡ ᠦᠵᠡᠭᠦᠯᠬᠦ ᠲᠡᠷᠭᠡ︾ ᠵᠡᠷᠭᠡ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ᠦᠨᠡᠮᠯᠡᠯ ᠪᠠ ᠲᠦᠷᠢᠶᠡᠰᠦᠨ ᠮᠠᠰᠢᠨ ᠲᠡᠷᠭᠡᠨ ᠤ ᠲᠡᠷᠭᠡᠨ ᠨᠠᠭᠠᠯᠲᠠ ᠣᠯᠭᠤᠵᠤ᠂ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠠᠵᠢᠯ ᠲᠥᠷᠥᠯ ᠳᠤ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号