| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠤᠨ ᠬᠠᠤᠯᠢ ᠪᠠᠷ ᠵᠠᠰᠠᠬᠤ | ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠵᠢᠯᠲᠠᠨ ᠠᠵᠢᠯᠴᠢᠨ ᠤ | ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠤᠶᠢᠷ᠎ᠠ ᠶᠢᠨ | ᠡᠳᠦᠷ᠂ ᠨᠢᠩᠴᠧᠩ ᠰᠢᠶᠠᠨ ᠤ ᠰᠣᠶᠣᠯ ᠤᠨ ᠲᠣᠮᠣ ᠠᠰᠠᠷ ᠲᠤ ︽ᠬᠥᠳᠡᠯᠮᠦᠷᠢ ᠪᠠᠷ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ᠂ ᠬᠠᠤᠯᠢ ᠪᠠᠷ ᠵᠠᠰᠠᠬᠤ ᠪᠠᠷ ᠠᠵᠢᠯ ᠠᠵᠢᠯᠲᠠᠨ ᠤ ᠰᠡᠳᠬᠢᠯ ᠢ ᠭᠡᠷᠡᠯᠲᠦᠭᠦᠯᠬᠦ︾ ᠪᠥᠬᠦ ᠰᠢᠶᠠᠨ ᠤ | ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠶᠠᠪᠤᠭᠤᠯᠪᠠ᠃ ᠲᠣᠰ ᠤᠳᠠᠭᠠᠨ ᠤ | ᠤᠷᠤᠯᠳᠤᠭᠠᠨ ᠳᠤ ᠪᠠᠯᠭᠠᠰᠤ ᠰᠢᠶᠠᠩ ᠵᠡᠭᠡᠯᠢ ᠭᠤᠳᠤᠮᠵᠢ᠂ ᠨᠡᠭᠡᠭᠡᠯᠲᠡ ᠶᠢᠨ ᠲᠣᠭᠤᠷᠢᠭ᠂ ᠰᠢᠶᠠᠨ ᠤ ᠰᠢᠭᠤᠳ | ᠬᠠᠷᠢᠶ᠎ᠠ ᠨᠢᠭᠡᠴᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ | 24 ᠲᠥᠯᠥᠭᠡᠯᠡᠭᠴᠢᠳ ᠤᠨ ᠠᠩᠭᠢ ᠶᠢᠨ 72 ᠠᠵᠢᠯᠲᠠᠨ ᠠᠵᠢᠯᠴᠢᠨ ᠤᠷᠤᠯᠴᠠᠪᠠ᠃ ᠰᠡᠳᠦᠪ ᠤᠨ ᠬᠡᠯᠪᠡᠷᠢ ᠨᠢ | ᠬᠤᠪᠢ ᠬᠥᠮᠦᠨ ᠤ ᠵᠠᠪᠠᠯ ᠬᠠᠷᠢᠭᠤᠯᠬᠤ ᠰᠡᠳᠦᠪ᠂ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ᠂ ᠵᠠᠪᠳᠤᠨ | ᠬᠠᠷᠢᠭᠤᠯᠬᠤ ᠰᠡᠳᠦᠪ᠂ ᠲᠦᠭᠰᠢᠭᠦᠷᠢ ᠶᠢᠨ ᠰᠡᠳᠦᠪ ᠵᠡᠷᠭᠡ ᠳᠥᠷᠪᠡᠨ ᠭᠤᠭᠴᠤᠭ᠎ᠠ ᠪᠠᠶᠢᠵᠤ᠂ ᠴᠥᠮ ᠲᠤᠬᠠᠶ ᠶᠢᠨ | ᠲᠠᠯᠠᠪᠤᠷ ᠲᠤ ᠰᠡᠳᠦᠪ ᠬᠠᠷᠢᠭᠤᠯᠬᠤ ᠬᠡᠯᠪᠡᠷᠢ ᠪᠠᠷ ᠶᠠᠪᠤᠭᠳᠠᠪᠠ᠃ ᠤᠷᠤᠯᠳᠤᠭᠠᠨ ᠤ ᠠᠭᠤᠯᠭ᠎ᠠ ᠳᠤ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ︽ | ᠦᠨᠳᠦᠰᠦᠨ ᠬᠠᠤᠯᠢ︾᠂ ︽ᠠᠵᠢᠯᠴᠢᠨ ᠤ ᠡᠪᠯᠡᠯ ᠤᠨ ᠬᠠᠤᠯᠢ︾᠂ ︽ᠬᠥᠳᠡᠯᠮᠦᠷᠢ ᠶᠢᠨ ᠬᠠᠤᠯᠢ︾᠂ ︽ | ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠢᠷᠭᠡᠨ ᠤ ᠬᠠᠤᠯᠢ ᠶᠢᠨ ᠪᠢᠴᠢᠭ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠠᠬᠢᠭᠤᠯᠬᠤ ᠲᠦᠷᠢᠮ︾ ᠵᠡᠷᠭᠡ ᠤᠯᠠᠨ ᠬᠠᠤᠯᠢ ᠴᠠᠭᠠᠵᠠ ᠬᠠᠤᠯᠢ ᠲᠣᠭᠲᠠᠭᠠᠯ ᠢ ᠪᠠᠭᠲᠠᠭᠠᠵᠠᠢ᠃ | ᠲᠣᠰ ᠤᠳᠠᠭᠠᠨ ᠤ ᠬᠠᠤᠯᠢ ᠴᠠᠭᠠᠵᠠ ᠶᠢᠨ ᠮᠡᠳᠡᠯᠭᠡ ᠶᠢᠨ ᠤᠷᠤᠯᠳᠤᠭᠠᠨ ᠢᠶᠠᠷ ᠳᠠᠮᠵᠢᠭᠤᠯᠤᠨ᠂ ᠥᠷᠭᠡᠨ ᠣᠯᠠᠨ | ᠠᠵᠢᠯᠲᠠᠨ ᠠᠵᠢᠯᠴᠢᠨ ᠤ ᠬᠠᠤᠯᠢ ᠶᠢ ᠰᠤᠷᠴᠤ ᠬᠠᠤᠯᠢ ᠶᠢ ᠰᠠᠬᠢᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ | ᠴᠢᠨᠠᠷ ᠢ ᠨᠠᠩ ᠰᠠᠶᠢᠲᠤᠷ ᠬᠥᠭᠵᠢᠭᠡᠵᠦ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠤᠷᠤᠯᠳᠤᠭᠠᠨ ᠢᠶᠠᠷ | ᠬᠡᠷᠡᠭᠯᠡᠯᠲᠡ ᠶᠢ ᠠᠬᠢᠭᠤᠯᠬᠤ ᠦᠷ᠎ᠡ ᠪᠦᠲᠦᠮᠵᠢ ᠤᠯᠪᠠ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠲᠤᠰ | ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠦᠷᠭᠦᠯᠵᠢᠯᠡᠨ ᠤᠯᠠᠨ ᠡᠰᠢᠴᠢᠯᠡᠭᠰᠡᠨ ᠬᠡᠯᠪᠡᠷᠢ ᠪᠠᠷ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠳᠡᠯᠭᠡᠷᠡᠭᠦᠯᠵᠦ᠂ ᠬᠠᠤᠯᠢᠵᠢᠯ ᠤᠨ ᠵᠣᠷᠢᠭ ᠰᠠᠨᠠᠭ᠎ᠠ ᠶᠢ | ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠠᠮᠤᠷ ᠠᠮᠤᠭᠤᠯᠠᠩ ᠨᠢᠩᠴᠧᠩ ᠢ | ᠪᠠᠶᠢᠭᠤᠯᠤᠨ᠎ᠠ᠃ |