ᠨᠢᠩᠴᠧᠩ ᠰᠢᠶᠠᠨ ︽ᠪᠡᠶ᠎ᠡ ᠶᠢᠨ ᠲᠠᠮᠢᠷ + ᠰᠣᠶᠣᠯ ᠵᠢᠭᠤᠯᠴᠢᠯᠠᠯ︾ ᠤᠨ  ᠠᠭᠤᠰᠤᠯᠴᠠᠯ ᠢ ᠡᠭᠦᠳᠴᠦ ᠪᠡᠶ᠎ᠡ ᠶᠢᠨ ᠲᠠᠮᠢᠷ ᠵᠢᠭᠤᠯᠴᠢᠯᠠᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/7/15
    ᠨᠢᠭᠡ ᠳᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃ ᠪᠦᠬᠦ ᠰᠢᠶᠠᠨ ᠤ 241 ᠵᠠᠰᠠᠭ ᠵᠠᠬᠢᠷᠭᠠᠨ ᠤ ᠲᠣᠰᠬᠤᠨ ᠳᠤ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠰᠲ᠋ᠧᠮ ᠢᠳᠡᠭ ᠢᠳᠡᠭ ᠢᠶᠠᠷ ᠪᠦᠷᠢᠯᠳᠦᠭᠦᠯᠵᠦ᠂ ᠬᠤᠳᠠ ᠬᠥᠳᠡᠭᠡ ᠶᠢᠨ ᠰᠣᠶᠣᠯ ᠪᠡᠶ᠎ᠡ ᠶᠢᠨ ᠲᠠᠮᠢᠷ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠳᠤ ᠰᠠᠭᠤᠷᠢ ᠶᠢ ᠪᠠᠲᠤᠳᠬᠠᠪᠠ᠃ ᠪᠡᠶ᠎ᠡ ᠴᠢᠭᠢᠷᠠᠭᠵᠢᠭᠤᠯᠬᠤ᠂ ᠰᠡᠯᠡᠭᠦᠴᠡᠬᠦ᠂ ᠦᠵᠡᠮᠵᠢ ᠰᠣᠨᠢᠷᠬᠠᠬᠤ᠂ ᠤᠷᠤᠯᠳᠤᠭᠠᠨ  ᠡᠷᠬᠢᠯᠡᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠨᠢᠩᠴᠧᠩ ᠤᠨ ᠪᠡᠶ᠎ᠡ ᠶᠢᠨ ᠲᠠᠮᠢᠷ ᠤᠨ ᠴᠡᠴᠡᠷᠯᠢᠭ ᠢ ᠪᠠᠶᠢᠭᠤᠯᠵᠤ᠂ ᠡᠯ᠎ᠡ ᠲᠥᠷᠥᠯ ᠤᠨ ᠪᠥᠮᠪᠥᠭᠡᠨ ᠲᠠᠯᠠᠪᠠᠢ ᠶᠢ 23 ᠰᠢᠨ᠎ᠡ ᠪᠠᠷ ᠪᠠᠶᠢᠭᠤᠯᠵᠤ᠂ ᠡᠳᠦᠷ ᠪᠦᠷᠢ 2000 ᠬᠥᠮᠦᠨ ᠤᠳᠠᠭ᠎ᠠ  ᠤᠷᠤᠯᠴᠠᠨ᠂ ᠬᠤᠲᠠ ᠲᠣᠭᠤᠷᠢᠭ ᠤᠨ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠪᠠ ᠪᠦᠬᠦᠯᠢ ᠴᠣᠭᠴᠠ ᠶᠢᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭᠠᠷᠳᠠᠯᠭ᠎ᠠ ᠪᠠ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠡᠬᠢ ᠪᠠᠶᠠᠯᠢᠭ ᠤᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠵᠥᠷᠢᠴᠡᠯ ᠢ ᠲᠦᠢᠯ ᠤᠨ ᠶᠡᠭᠡ ᠪᠠᠷ ᠨᠠᠮᠳᠠᠭᠤᠯᠵᠤ᠂ ᠨᠢᠩᠴᠧᠩ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃   ᠬᠤᠶᠠᠷ ᠲᠤ᠂ ᠤᠷᠤᠯᠳᠤᠭᠠᠨ ᠤ ᠠᠵᠤ ᠠᠬᠤᠶ ᠶᠢ ᠬᠥᠭᠵᠢᠭᠦᠯᠵᠦ᠂ ᠪᠡᠶ᠎ᠡ ᠶᠢᠨ ᠲᠠᠮᠢᠷ ᠵᠢᠭᠤᠯᠴᠢᠯᠠᠯ ᠤᠨ ᠰᠢᠨ᠎ᠡ ᠨᠡᠷ᠎ᠡ ᠶᠢᠨ ᠬᠠᠭᠤᠳᠠᠰᠤ ᠶᠢ ᠡᠭᠦᠳᠦᠨ᠎ᠡ᠃ ᠪᠡᠶ᠎ᠡ ᠶᠢᠨ ᠲᠠᠮᠢᠷ ᠤᠨ ᠤᠷᠤᠯᠳᠤᠭᠠᠨ ᠢ ᠦᠵᠡᠮᠵᠢ ᠶᠢᠨ ᠣᠷᠣᠨ ᠳᠤ ᠠᠭᠤᠰᠤᠯᠴᠠᠭᠤᠯᠵᠤ᠂ ᠪᠠᠶᠢᠭᠠᠯᠢᠯᠢᠭ ᠠᠭᠤᠯᠠ ᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠠᠰᠢᠭᠯᠠᠨ᠂ ᠪᠠᠶᠢᠭᠠᠯᠢ ᠶᠢᠨ ᠲᠠᠮᠢᠷ ᠤᠨ ᠲᠠᠯᠠᠪᠤᠷ ᠭᠠᠵᠠᠷ ᠢ ᠪᠣᠶ ᠪᠣᠯᠭᠠᠨ᠎ᠠ᠃ ᠤᠯᠤᠰ ᠤᠨ ᠲᠠᠰ ᠤᠨ ᠤᠰᠤᠨ ᠳᠡᠭᠡᠷᠡᠬᠢ ᠲᠠᠮᠢᠷ ᠤᠨ ᠬᠥᠳᠡᠯᠭᠡᠭᠡᠨ ᠤ ᠰᠠᠭᠤᠷᠢᠨ ᠭᠠᠵᠠᠷ ᠽᠢ ᠮᠧᠩ ᠬᠤ᠋ ᠨᠠᠭᠤᠷ ᠤᠨ ᠦᠵᠡᠮᠵᠢ ᠶᠢᠨ ᠣᠷᠣᠨ ᠳᠤ ᠲᠦᠰᠢᠭᠯᠡᠨ ᠣᠯᠠᠨ ᠤᠯᠤᠰ ᠤᠨ ᠯᠤᠤᠲᠤ ᠣᠩᠭᠤᠴᠠ ᠶᠢᠨ ᠤᠷᠤᠯᠳᠤᠭᠠᠨ᠂ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠠᠪᠠᠯᠭᠠᠨ ᠥᠭᠰᠥᠬᠦ ᠬᠠᠪᠲᠠᠰᠤ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠠᠯᠢ ᠣᠯᠠᠨ ᠤᠰᠤᠨ ᠳᠡᠭᠡᠷᠡᠬᠢ ᠤᠷᠤᠯᠳᠤᠭᠠᠨ ᠢ ᠳᠠᠭᠠᠭᠠᠴᠢᠯᠠᠨ ᠡᠷᠭᠢᠯᠡᠪᠡ᠃ ᠰᠢᠷᠭᠤᠯᠵᠢ ᠶᠢᠨ ᠠᠭᠤᠯᠠᠨ ᠤ ᠬᠠᠮ ᠴᠣᠭᠴᠠ ᠳᠤ ᠨᠢᠩᠴᠧᠩ ᠰᠢᠶᠠᠨ ᠤ ᠠᠩᠬᠠᠳᠤᠭᠠᠷ ᠬᠤᠭᠤᠴᠠᠭᠠᠨ ᠤ ᠠᠭᠤᠯᠠᠷᠬᠠᠭ ᠭᠠᠵᠠᠷ ᠤᠨ ᠬᠡᠭᠡᠷᠡᠯᠡᠨ ᠠᠶᠠᠯᠠᠬᠤ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠯᠢᠶᠤᠤᠨᠢᠩ ᠡᡁᠧᠪᠸᠢ ᠥᠪᠥᠷ ᠮᠣᠩᠭᠤᠯ ᠠᠴᠠ ᠢᠷᠡᠭᠰᠡᠨ ᠮᠢᠩᠭ᠎ᠠ ᠰᠢᠬᠠᠮ  ᠬᠡᠭᠡᠷᠡᠯᠡᠨ ᠬᠦᠶᠦᠬᠦ ᠪᠠᠭ᠋ᠠᠲᠠᠳ ᠤᠨ ᠠᠩᠬᠠᠷᠤᠯ ᠢ ᠲᠠᠲᠠᠵᠤ᠂ ᠨᠢᠩᠴᠧᠩ ᠤᠨ ᠣᠷᠣᠨ ᠨᠤᠲᠤᠭ ᠤᠨ ᠣᠨᠴᠠᠯᠢᠭ ᠢ ᠤᠬᠠᠭᠤᠯᠵᠤ᠂ ᠪᠡᠶ᠎ᠡ ᠶᠢᠨ ᠲᠠᠮᠢᠷ ᠤᠨ ᠵᠢᠭᠤᠯᠴᠢᠯᠠᠭᠴᠢ ᠶᠢ ᠲᠠᠲᠠᠪᠠ᠃ ᠤᠷᠤᠯᠳᠤᠭᠠᠨ ᠢᠶᠠᠷ ᠵᠢᠭᠤᠯᠴᠢᠯᠠᠯ ᠢ ᠠᠬᠢᠭᠤᠯᠵᠤ᠂ ᠰᠣᠳᠣᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠭᠦᠳᠬᠦ ᠶᠢᠨ ᠬᠠᠮᠲᠤ ᠵᠢᠭᠤᠯᠴᠢᠯᠠᠯ ᠤᠨ ᠨᠠᠷᠠᠲᠤ ᠲᠡᠮᠳᠡᠭᠲᠦ ᠶᠢᠨ ᠠᠯᠳᠠᠷᠰᠢᠯ ᠢ ᠳᠡᠭᠡᠭᠰᠢᠯᠡᠭᠦᠯᠵᠦ᠂ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠢᠶᠠᠷ ᠳᠠᠮᠵᠢᠭᠤᠯᠤᠨ ᠨᠠᠩ ᠣᠯᠠᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠤᠯᠪᠣᠯᠳᠤᠭᠤᠯᠤᠨ ᠬᠠᠮᠵᠢᠯᠴᠠᠭᠤᠯᠬᠤ ᠶᠢᠨ ᠬᠠᠮᠲᠤ ᠤᠷᠤᠯᠳᠤᠭᠠᠨ ᠤ ᠬᠡᠮᠵᠢᠶ᠎ᠡ ᠶᠢ ᠠᠯᠬᠤᠮ ᠠᠯᠬᠤᠮ ᠢᠶᠠᠷ ᠠᠵᠤ ᠠᠬᠤᠶ ᠶᠢᠨ ᠨᠡᠮᠡᠭᠳᠡᠯ ᠪᠣᠯᠭᠠᠨ ᠬᠤᠪᠢᠷᠠᠭᠤᠯᠵᠤ᠂ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠬᠠᠭᠤᠳᠠᠰᠤ ᠶᠢ ᠵᠢᠷᠤᠭᠯᠠᠪᠠ᠃   ᠭᠤᠷᠪᠠ ᠳᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠨᠢᠩᠴᠧᠩ ᠰᠢᠶᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠣᠶᠣᠯ ᠤᠨ ᠬᠥᠳᠡᠯᠭᠡᠭᠡᠨ ᠤ ᠠᠴᠢᠶᠠᠯᠠᠪᠤᠷᠢ ᠪᠣᠯᠭᠠᠵᠤ᠂ ᠤᠯᠠᠭᠠᠨᠮᠥ᠋ᠴᠢᠷ ᠤᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠵᠦ ᠵᠦ ᠴᠠᠩ ᠤᠨ ᠦᠵᠡᠭᠦᠯᠦᠯᠭᠡ ᠶᠢᠨ ᠲᠣᠭᠯᠠᠯᠲᠠ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠵᠣᠬᠢᠶᠠᠨ ᠪᠠᠶᠢᠭᠤᠯᠵᠤ ︽ᠲᠣᠰᠬᠤᠨ ᠤ BA︾ ᠪᠥᠮᠪᠥᠭᠡᠨ ᠤᠷᠤᠯᠳᠤᠭᠠᠨ ᠤ ᠤᠯᠠᠭᠠᠨᠬᠠᠳᠠ ᠶᠢᠨ ᠤᠷᠤᠯᠳᠤᠭᠠᠨ ᠤ ᠲᠣᠭᠤᠷᠢᠭ ᠵᠡᠷᠭᠡ ᠲᠣᠮᠣ ᠬᠡᠯᠪᠡᠷᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠬᠦᠴᠦᠨ ᠨᠡᠮᠡᠷᠢᠯᠡᠵᠦ᠂ ᠡᠬᠢᠯᠡᠯᠲᠡ ᠶᠢᠨ ᠶᠣᠰᠣᠯᠠᠯ᠂ ᠲᠡᠭᠦᠰᠬᠦ ᠶᠣᠰᠣᠯᠠᠯ ᠤᠨ ᠲᠣᠭᠯᠠᠯᠲᠠ ᠵᠢᠴᠢ ᠲᠠᠯᠠᠪᠤᠷ ᠤᠨ ᠬᠤᠭᠤᠷᠣᠨᠳᠣᠬᠢ ᠬᠠᠪᠰᠤᠷᠤᠯᠭ᠎ᠠ ᠵᠡᠷᠭᠡ ᠠᠷᠭ᠎ᠠ ᠬᠡᠯᠪᠡᠷᠢ ᠪᠠᠷ ᠤᠷᠤᠯᠳᠤᠭᠠᠨ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠪᠠ ᠴᠢᠩᠭ᠎ᠠ ᠰᠣᠨᠢᠷᠬᠠᠯᠲᠤ ᠴᠢᠨᠠᠷ ᠢ ᠨᠡᠮᠡᠭᠳᠡᠭᠦᠯᠵᠦ᠂ ᠤᠮᠠᠷᠠᠲᠤ ᠬᠢᠯᠢ ᠶᠢᠨ ᠰᠣᠶᠣᠯ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠩᠭᠤᠳᠠᠭ ᠪᠦᠲᠦᠭᠡᠯ ᠢ ᠣᠯᠠᠨ ᠲᠦᠮᠡᠨ ᠤ ᠳᠡᠷᠭᠡᠳᠡ ᠤᠯᠠᠮᠵᠢᠯᠠᠵᠤ ᠂ ᠠᠮᠢᠳᠤᠯᠢᠭ ᠲᠣᠭᠯᠠᠯᠲᠠ ᠪᠠᠷ ᠤᠷᠤᠯᠳᠤᠭᠠᠨ ᠤ ᠬᠦᠷᠢᠶ᠎ᠡ ᠬᠡᠪᠴᠢᠶ᠎ᠡ ᠶᠢ ᠲᠦᠷᠭᠡᠳᠬᠡᠨ᠂ ᠰᠣᠶᠣᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠬᠤᠪᠢᠷᠠᠭᠤᠯᠤᠨ ᠠᠰᠢᠭᠯᠠᠬᠤ ᠶᠢ ᠠᠬᠢᠭᠤᠯᠵᠤ᠂ ᠤᠷᠤᠯᠳᠤᠭᠠᠨ ᠢᠶᠠᠷ ᠵᠠᠭᠤᠴᠢ ᠪᠣᠯᠭᠠᠨ ᠰᠣᠶᠣᠯ ᠤᠨ ᠳᠠᠮᠵᠢᠭᠤᠯᠭ᠎ᠠ ᠶᠢᠨ ᠰᠢᠨ᠎ᠡ ᠠᠷᠭ᠎ᠠ ᠬᠡᠯᠪᠡᠷᠢ ᠶᠢ ᠨᠡᠭᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠮ ᠢ ᠰᠦᠪᠡᠭᠴᠢᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号