ᠨᠢᠩᠴᠧᠩ ᠰᠢᠶᠠᠨ ︽ᠳᠤᠯᠠᠭᠠᠴᠠᠭᠤᠯᠬᠤ ᠢᠨᠵᠧᠨᠧᠷᠢᠩ︾ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠣᠯᠠᠨ ᠲᠦᠮᠡᠨ ᠢ ᠰᠠᠨᠠᠭ᠎ᠠ ᠠᠮᠤᠷ ︽ᠳᠤᠯᠠᠭᠠᠨ ᠡᠪᠦᠯᠵᠢᠭᠦᠯᠬᠦ︾ ᠪᠠᠷ ᠪᠠᠵᠠᠭᠠᠨ᠎ᠠ
ᠨᠡᠶᠢᠲᠡᠯᠡᠭᠰᠡᠨ ᠴᠠᠭ᠄
2024/7/16
    ᠳᠤᠯᠠᠭᠠᠯᠠᠭ᠎ᠠ ᠬᠠᠩᠭᠠᠬᠤ ᠪᠣᠯ ᠬᠤᠲᠠ ᠶᠢᠨ ᠨᠢᠭᠡᠨ ᠰᠠᠯᠠᠭ᠎ᠠ ᠣᠨᠴᠠᠭᠠᠶ ᠬᠡᠮᠵᠢᠭᠦᠷ ᠮᠥᠨ᠂ ᠲᠡᠷᠡ ᠨᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢᠨ ᠳᠤᠯᠠᠭᠠᠨ ᠤ ᠬᠡᠮᠵᠢᠶ᠎ᠡ ᠶᠢ ᠬᠡᠮᠵᠢᠵᠤ ᠪᠠᠶᠢᠳᠠᠭ᠂ ᠨᠢᠩᠴᠧᠩ ᠰᠢᠶᠠᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠡᠳᠬᠢᠯ ᠲᠠᠯᠪᠢᠨ ᠬᠡᠷᠡᠭᠵᠢᠭᠦᠯᠬᠦ ᠪᠠᠷ ᠳᠠᠮᠵᠢᠭᠤᠯᠤᠨ᠂ ︽ᠳᠤᠯᠠᠭᠠᠴᠠᠭᠤᠯᠬᠤ ᠢᠨᠵᠧᠨᠧᠷᠢᠩ︾ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠤᠷᠤᠭᠰᠢᠲᠠᠶ ᠥᠷᠨᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ ᠡᠨᠡ ᠵᠢᠯ ᠠᠴᠠ ᠨᠠᠰᠢ᠂ ᠢᠯᠴᠢ ᠶᠢᠨ ᠬᠦᠴᠦᠨ ᠤ ᠺᠣᠮᠫᠠᠨᠢ᠂ ᠵᠡᠭᠡᠯᠢ ᠭᠤᠳᠤᠮᠵᠢ᠂ ᠠᠳᠠᠯ ᠠᠬᠤᠶ ᠵᠡᠷᠭᠡ ᠪᠠᠶᠢᠭᠤᠯᠭ᠎ᠠ ᠣᠯᠠᠨ ᠲᠦᠮᠡᠨ ᠤ ᠲᠤᠰᠬᠠᠯ ᠶᠡᠬᠡᠲᠡᠶ᠂ ᠵᠠᠭᠠᠯᠳᠤᠯᠭ᠎ᠠ ᠪᠠᠶᠢᠨ ᠳᠠᠬᠢᠨ ᠭᠠᠷᠴᠤ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠲᠤ ︽ᠰᠤᠳᠠᠯ ᠪᠠᠷᠢᠵᠤ ᠣᠨᠣᠰᠢᠯᠠᠬᠤ︾ ᠵᠠᠷᠴᠢᠮ ᠶᠣᠰᠣᠭᠠᠷ᠂ ︽ᠠᠰ ᠠᠰ ᠢᠶᠠᠷ ᠨᠢ ᠵᠥᠪᠯᠡᠬᠦ᠂ ᠨᠢᠭᠡ ᠠᠰᠠᠷ ᠨᠢᠭᠡ ᠪᠣᠳᠣᠯᠭ᠎ᠠ ᠠᠪᠬᠤ︾ ᠵᠠᠷᠴᠢᠮ ᠶᠣᠰᠣᠭᠠᠷ᠂ ᠨᠡᠶᠢᠲᠡ 7677 ᠲᠦᠮᠡᠨ ᠲᠥᠭᠦᠷᠢᠭ ᠤᠨ ᠪᠠᠯᠠ ᠤᠷᠤᠭᠤᠯᠤᠨ᠎ᠠ᠃ ᠣᠳᠣᠬᠠᠨ ᠪᠣᠯᠲᠠᠯ᠎ᠠ᠂  ᠲᠤᠯᠤᠭᠠᠨ ᠵᠢᠵᠢᠭ ᠲᠤᠭᠤᠷᠢᠭ ᠠᠵᠢᠯ ᠡᠬᠢᠯᠡᠭᠦᠯᠦᠨ᠂ ᠠᠮᠤ ᠪᠤᠳᠠᠭᠠᠨ ᠤ ᠬᠥᠮᠥᠷᠭᠡ ᠶᠢᠨ ᠭᠡᠷ ᠪᠦᠯᠢ ᠶᠢᠨ ᠠᠰᠠᠷ᠂ ᠠᠮᠤ ᠪᠤᠳᠠᠭᠠᠨ ᠤ ᠲᠣᠪᠴᠢᠶ᠎ᠠ ᠶᠢᠨ ᠭᠡᠷ ᠪᠦᠯᠢ ᠶᠢᠨ ᠠᠰᠠᠷ᠂ ᠵᠠᠰᠠᠮᠠᠯ ᠵᠠᠮ ᠤᠨ ᠬᠡᠰᠡᠭ ᠤᠨ ᠭᠡᠷ ᠪᠦᠯᠢ ᠶᠢᠨ ᠠᠰᠠᠷ᠂ ᠪᠠᠷᠢᠯᠭ᠎ᠠ ᠶᠢᠨ ᠲᠣᠮᠣ ᠠᠰᠠᠷ᠂ ᠬᠢᠳᠠᠨ 1 ᠨᠣᠮᠧᠷᠲᠦ ᠠᠰᠠᠷ᠂ ᠵᠢᠦ ᠪᠦᠦ ᠠᠷᠢᠬᠢᠨ ᠦᠢᠯᠡᠰ ᠪᠣᠯᠤᠨ ᡂᠢ ᠴᠧᠩ ᠬᠤᠳᠠᠯᠳᠤᠭᠠᠨ ᠤ ᠠᠰᠠᠷ ᠵᠡᠷᠭᠡ ᠵᠢᠵᠢᠭ ᠲᠣᠭᠤᠷᠢᠭ ᠪᠠᠭᠲᠠᠵᠤ᠂ ᠡᠭᠦᠨ ᠳᠤ ᠵᠠᠰᠠᠮᠠᠯ ᠵᠠᠮ ᠤᠨ ᠬᠡᠰᠡᠭ ᠤᠨ ᠭᠡᠷ ᠪᠦᠯᠢ ᠶᠢᠨ ᠠᠰᠠᠷ ᠪᠣᠯᠤᠨ ᠪᠠᠷᠢᠯᠭ᠎ᠠ ᠶᠢᠨ ᠲᠣᠮᠣ ᠠᠰᠠᠷ ᠤᠨ ᠵᠢᠵᠢᠭ ᠲᠣᠭᠤᠷᠢᠭ ᠤᠨ ᠠᠰᠠᠷ ᠤᠨ ᠳᠣᠲᠣᠷᠠᠬᠢ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ 5 ᠵᠢᠵᠢᠭ ᠲᠣᠭᠤᠷᠢᠭ ᠶᠠᠭ ᠬᠦᠷᠢᠶᠡᠨ ᠲᠤᠳᠤᠷᠠᠬᠢ ᠬᠤᠭᠤᠯᠠᠶ ᠶᠢᠨ ᠲᠣᠤᠷ ᠢ ᠨᠡᠭᠡᠭᠡᠵᠦ ᠪᠠᠶᠢᠨ᠎ᠠ᠂ ᠵᠢᠱᠢᠯᠲᠡ ᠪᠠᠷ 7 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号