ᠨᠢᠩᠴᠧᠩ ᠰᠢᠶᠠᠨ ᠵᠤᠨ ᠤ ᠤᠯᠠᠷᠢᠯ ᠤᠨ ᠵᠢᠮᠢᠰ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/7/16
    ᠢᠳᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ︽ᠰᠡᠷᠭᠡᠶᠢᠯᠡᠬᠦ ᠬᠡᠷᠡᠮ︾ ᠢ ᠪᠠᠲᠤ ᠪᠠᠬᠢ ᠪᠠᠶᠢᠭᠤᠯᠵᠤ᠂ ᠠᠷᠠᠳ ᠣᠯᠠᠨ ᠤ ︽ᠬᠤᠯᠢᠰᠢᠨ ᠢᠳᠡᠭᠡᠨ︾ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠨᠢᠩᠴᠧᠩ ᠰᠢᠶᠠᠨ ᠵᠣᠨ ᠤ ᠤᠯᠠᠷᠢᠯ ᠤᠨ ᠵᠢᠮᠢᠰ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠰᠢᠯᠭᠠᠬᠤ ᠠᠵᠢᠯ ᠢ ᠥᠷᠨᠢᠭᠦᠯᠪᠡ᠃    ᠪᠠᠶᠢᠴᠠᠭᠠᠨ ᠰᠢᠯᠭᠠᠬᠤ ᠶᠠᠪᠤᠴᠠ ᠳᠤ᠂ ᠲᠦᠷᠭᠡᠨ ᠪᠠᠶᠢᠴᠠᠭᠠᠬᠤ ᠠᠵᠢᠯᠲᠠᠨ ᠥᠯᠢᠭᠡᠷ ᠠᠪᠬᠤ᠂ ᠪᠠᠶᠢᠴᠠᠭᠠᠨ ᠰᠢᠯᠭᠠᠬᠤ ᠲᠠᠰ ᠳᠠᠷᠠᠭᠠᠯᠠᠯ ᠪᠠ ᠠᠵᠢᠯᠯᠠᠭᠠᠨ ᠤ ᠵᠢᠷᠤᠮᠵᠢᠯ ᠢ ᠴᠢᠩᠭ᠎ᠠ ᠵᠢᠷᠤᠮᠯᠠᠨ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠰᠤᠷᠭᠠᠭᠤᠯᠢ ᠶᠢᠨ ᠬᠤᠭᠤᠯᠠᠨ ᠬᠡᠷ ᠵᠡᠷᠭᠡ ᠲᠠᠯᠠᠪᠤᠷ ᠠᠴᠠ ᠢᠳᠡᠰᠢᠨ ᠨᠣᠭᠤᠭ᠎ᠠ ᠵᠢᠮᠢᠰ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠥᠯᠢᠭᠡᠷ ᠡᠳ᠋ ᠢ ᠲᠣᠬᠢᠶᠠᠯᠳᠤᠯ ᠢᠶᠠᠷ ᠰᠣᠩᠭᠤᠨ ᠠᠪᠴᠤ᠂ ᠢᠳᠡᠭᠡᠨ ᠤ ᠠᠮᠤᠷ ᠲᠦᠪᠰᠢᠨ ᠤ ᠲᠦᠷᠭᠡᠨ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠠᠰᠢᠭᠯᠠᠨ᠂ ᠰᠣᠩᠭᠤᠨ ᠠᠪᠤᠭᠰᠠᠨ ᠡᠯ᠎ᠡ ᠲᠥᠷᠥᠯ ᠤᠨ ᠢᠳᠡᠰᠢᠨ ᠨᠣᠭᠤᠭ᠎ᠠ᠂ ᠵᠢᠮᠢᠰ ᠵᠡᠷᠭᠡ ᠢᠳᠡᠭᠡᠨ ᠤ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠡᠮ ᠤᠨ ᠦᠯᠡᠳᠡᠭᠳᠡᠯ ᠢ ᠲᠦᠷᠭᠡᠨ ᠪᠠᠶᠢᠴᠠᠭᠠᠨ ᠰᠢᠯᠭᠠᠬᠤ ᠶᠢᠨ ᠬᠠᠮᠲᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠲᠤᠬᠠᠶ ᠶᠢᠨ ᠲᠠᠯᠠᠪᠤᠷ ᠲᠤᠨᠢ ᠨᠡᠶᠢᠲᠡᠯᠡᠪᠡ᠃ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠲᠤᠬᠠᠶ ᠶᠢᠨ ᠲᠠᠯᠠᠪᠠᠶ ᠳᠤ ᠢᠳᠡᠭᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠢᠵᠦ᠂ ᠡᠵᠡᠩᠨᠡᠯᠲᠡ ᠶᠢᠨ ᠡᠷᠦᠬᠡ ᠳᠤ ᠵᠢᠮᠢᠰ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠤᠨ ᠬᠤᠤᠷ ᠬᠥᠨᠥᠭᠡᠯ ᠵᠡᠷᠭᠡ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠵᠦ᠂ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠵᠤ᠂ ᠬᠢᠷᠢ ᠲᠡᠩᠴᠡᠬᠦ ᠥᠬᠡᠶ ᠢᠳᠡᠰᠢᠨ ᠨᠣᠭᠤᠭ᠎ᠠ ᠶᠢ ᠤᠬᠠᠮᠰᠠᠷ ᠠᠴᠠ ᠪᠠᠨ ᠲᠡᠪᠴᠢᠬᠦ ᠶᠢ ᠱᠠᠭᠠᠷᠳᠠᠪᠠ᠃ ᠣᠲᠣ ᠪᠣᠯᠲᠠᠯ᠎ᠠ ᠂ ᠨᠡᠶᠢᠲᠡ 54 ᠤᠳᠠᠭ᠎ᠠ ᠲᠦᠷᠭᠡᠨ ᠪᠠᠶᠢᠴᠠᠭᠠᠯᠲᠠ ᠬᠢᠵᠦ᠂ 512 ᠪᠦᠯᠦᠭ ᠤᠳᠠᠭ᠎ᠠ ᠬᠤᠯᠪᠣᠭᠳᠠᠯ ᠪᠥᠬᠦᠶ ᠢᠳᠡᠭᠡᠨ ᠢ ᠰᠤᠭᠤᠴᠢᠨ ᠪᠠᠶᠢᠴᠠᠭᠠᠵᠤ᠂ ᠬᠢᠷᠢ ᠲᠡᠩᠴᠡᠭᠰᠡᠨ ᠨᠣᠷᠮ᠎ᠠ ᠨᠢ 100% ᠳᠤ ᠬᠦᠷᠴᠡᠶ᠃ ᠲᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠵᠢᠮᠢᠰ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠢ ᠪᠠᠶᠢᠴᠠᠭᠠᠨ ᠰᠢᠯᠭᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠷᠭᠡᠨ ᠪᠠᠶᠢᠴᠠᠭᠠᠨ ᠰᠢᠯᠭᠠᠬᠤ ᠠᠵᠢᠯ ᠤᠨ ᠲᠠᠰ ᠳᠠᠷᠠᠭᠠᠯᠠᠯ ᠢ ᠴᠢᠩᠳᠠᠯᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠪᠠ ᠳᠠᠯᠳᠠ ᠬᠡᠮ ᠢ ᠠᠷᠢᠯᠭᠠᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠡᠵᠡᠮᠳᠡᠵᠦ᠂ ᠪᠥᠬᠦ ᠰᠢᠶᠠᠨ ᠤ ᠠᠷᠠᠳ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号