ᠨᠢᠩᠴᠧᠩ ᠰᠢᠶᠠᠨ ᠮᠡᠳᠡᠯᠭᠡ ᠶᠢᠨ ᠥᠮᠴᠢᠯᠡᠬᠦ ᠡᠷᠬᠡ ᠶᠢᠨ ᠵᠢᠵᠢᠭ ᠪᠠᠯᠭᠠᠰᠤᠨ ᠤ ᠪᠠᠶᠢᠭᠤᠯᠤᠯᠲᠠ ᠶᠢ ᠳᠣᠶ᠋ᠢᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦ ᠨᠡᠮᠡᠷᠢᠯᠡᠨ᠎ᠠ
ᠨᠡᠶᠢᠲᠡᠯᠡᠭᠰᠡᠨ ᠴᠠᠭ᠄
2024/7/17
    ᠨᠢᠩᠴᠧᠩ ᠰᠢᠶᠠᠨ ᠤ ᠪᠣᠷᠬᠠᠨᠲᠤ ᠪᠠᠷᠬᠠᠨ ᠪᠠᠯᠭᠠᠰᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠮᠡᠳᠡᠯᠭᠡ ᠶᠢᠨ ᠥᠮᠴᠢᠯᠡᠬᠦ ᠡᠷᠬᠡ ᠶᠢᠨ ᠵᠢᠵᠢᠭ ᠪᠠᠯᠭᠠᠰᠤ︾ ᠪᠣᠯᠤᠭᠰᠠᠨ ᠤ ᠬᠤᠪᠢ ᠳᠤ᠂ ᠥᠨᠳᠥᠷ ᠪᠠᠶᠢᠷᠢᠨ ᠳᠤ ᠬᠥᠭᠵᠢᠬᠦ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠢᠯᠡᠷᠡᠭᠦᠯᠵᠦ᠂ ᠤᠯᠤᠰ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠠᠭᠠᠨᠬᠠᠳᠠ ᠬᠤᠲᠠ ᠶᠢᠨ ᠮᠡᠳᠡᠯᠭᠡ ᠶᠢᠨ ᠥᠮᠴᠢᠯᠡᠬᠦ ᠡᠷᠬᠡ ᠶᠢᠨ ᠪᠠᠶᠢᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃    ᠨᠢᠭᠡ ᠳᠤ᠂ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ︽ᠮᠡᠳᠡᠯᠭᠡ ᠶᠢᠨ ᠥᠮᠴᠢᠯᠡᠬᠦ ᠡᠷᠬᠡ ᠶᠢᠨ ᠵᠢᠵᠢᠭ ᠪᠠᠯᠭᠠᠰᠤ︾ ᠶᠢ ᠫᠠᠶᠢᠰᠠ ᠡᠯᠭᠦᠨ ᠪᠠᠶᠢᠭᠤᠯᠤᠭᠰᠠᠨ ᠠᠴᠠ ᠨᠠᠰᠢ᠂ ᠬᠠᠷᠢᠶ᠎ᠠ ᠣᠷᠣᠨ ᠤ ᠳᠣᠲᠣᠷᠠᠬᠢ ︽ᠨᠢᠩᠴᠧᠩ ᠤᠨ ᠬᠠᠭᠤᠴᠢᠨ ᠵᠣᠭᠤᠷᠢ︾ ᠶᠢᠨ ᠨᠠᠷᠠᠲᠤ ᠲᠡᠮᠳᠡᠭ ᠢᠶᠠᠷ ᠲᠦᠷᠦᠭᠦᠯᠡᠭᠦᠯᠦᠭᠰᠡᠨ 310 ᠬᠦᠴᠦᠨ ᠪᠥᠬᠦᠶ ᠲᠠᠸᠠᠷ ᠤᠨ ᠲᠡᠮᠳᠡᠭ᠂ 23 ᠲᠤᠰᠬᠠᠶ ᠠᠰᠢᠭ᠂ ᠬᠡᠪᠯᠡᠯ ᠤᠨ ᠡᠷᠬᠡ ᠵᠡᠷᠭᠡ ᠡᠬᠢ ᠪᠠᠶᠠᠯᠢᠭ ᠤᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠮᠡᠳᠡᠯᠭᠡ ᠶᠢᠨ ᠥᠮᠴᠢᠯᠡᠬᠦ ᠡᠷᠬᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠪᠠᠯᠭᠠᠰᠤᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ ᠲᠤ ᠲᠠᠸᠠᠷ ᠤᠨ ᠲᠡᠮᠳᠡᠭ ᠢ ᠭᠤᠶᠤᠴᠢᠯᠠᠵᠤ ᠭᠥᠯᠢᠶᠡᠨ ᠠᠪᠴᠤ ᠰᠢᠢᠳᠪᠦᠷᠢᠯᠡᠬᠦ ᠪᠠ ᠮᠡᠳᠡᠯᠭᠡ ᠶᠢᠨ ᠥᠮᠴᠢᠯᠡᠬᠦ ᠡᠷᠬᠡ ᠶᠢᠨ ᠡᠷᠬᠡ ᠪᠠᠨ ᠬᠠᠮᠠᠭᠠᠯᠠᠬᠤ ᠶᠢ ᠲᠤᠰᠠᠯᠠᠬᠤ ᠦᠢᠯᠡᠴᠢᠯᠡᠭᠡᠨ ᠤ ᠵᠦᠢᠯᠡᠰ ᠢ ᠪᠠᠶᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠪᠠ ᠡᠷᠬᠡ ᠶᠢ ᠬᠠᠮᠠᠭᠠᠯᠠᠬᠤ ᠡᠬᠡ ᠲᠠᠩᠰᠠ ᠶᠢ ᠪᠠᠶᠢᠭᠤᠯᠵᠤ ᠂ ᠦᠢᠯᠡᠴᠢᠯᠡᠭᠡᠨ ᠤ ᠠᠵᠤ ᠠᠬᠤᠶᠢᠯᠠᠯ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃    ᠬᠤᠶᠠᠷ ᠲᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠪᠠ᠃ 2024 ᠣᠨ ᠤ ᠮᠡᠳᠡᠯᠭᠡ ᠶᠢᠨ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠤᠯᠠᠭᠠᠨᠬᠠᠳᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠭᠡᠳ ᠤᠯᠠᠭᠠᠨᠬᠠᠳᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠬᠠᠮᠲᠤᠷᠠᠨ ᠪᠠᠷᠬᠠᠨ ᠪᠠᠯᠭᠠᠰᠤᠨ ᠳᠤ ᠬᠦᠷᠴᠦ ︽ᠮᠡᠳᠡᠯᠭᠡ ᠶᠢᠨ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠳᠤ ᠬᠦᠴᠦᠨ ᠨᠡᠮᠡᠷᠢᠯᠡᠬᠦ︾ ᠲᠤᠰᠬᠠᠶ ᠰᠡᠳᠦᠪᠲᠦ ᠲᠠᠶᠢᠯᠤᠮᠵᠢ ᠡᠷᠭᠢᠯᠡᠵᠦ᠂ ᠲᠠᠶᠢᠯᠤᠮᠵᠢ ᠶᠢᠨ ᠬᠤᠭᠤᠴᠠᠭᠠᠨ ᠳᠤ ᠣᠯᠠᠨ ᠲᠦᠮᠡᠨ ᠪᠠ ᠠᠵᠤ ᠠᠬᠤᠶᠢᠯᠠᠯ ᠳᠤ ᠮᠡᠳᠡᠯᠭᠡ ᠶᠢᠨ  ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠭᠰᠠᠨ ᠪᠥᠭᠡᠳ ᠤᠬᠠᠭᠤᠯᠭ᠎ᠠ ᠶᠢᠨ ᠵᠠᠷᠯᠠᠯ ᠨᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠤᠬᠠᠭᠤᠯᠭ᠎ᠠ ᠬᠢᠪᠠ᠃ ᠪᠠᠯᠭᠠᠰᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠯᠪᠠᠨ ᠬᠡᠷ ᠽᠢ ᠮᠧᠩ ᠳᠤᠮᠳᠠᠳᠤ ᠰᠤᠷᠭᠠᠭᠤᠯᠢ᠂ ᠪᠠᠯᠭᠠᠰᠤᠨ ᠤ ᠭᠤᠤᠯ ᠰᠤᠷᠭᠠᠭᠤᠯᠢ ᠳᠤ ᠬᠦᠷᠴᠦ᠂ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ᠂ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠰᠤᠷᠤᠭᠴᠢᠳ ᠲᠤ ᠮᠡᠳᠡᠯᠭᠡ ᠶᠢᠨ ᠥᠮᠴᠢᠯᠡᠬᠦ ᠡᠷᠬᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠠᠭᠰᠢ ᠰᠤᠷᠤᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠮᠡᠳᠡᠯᠭᠡ ᠶᠢᠨ ᠥᠮᠴᠢᠯᠡᠬᠦ ᠡᠷᠬᠡ ᠶᠢ ᠤᠬᠠᠮᠰᠠᠷ ᠠᠴᠠ ᠪᠠᠨ ᠬᠦᠨᠳᠦᠳᠬᠡᠨ ᠬᠠᠮᠠᠭᠠᠯᠠᠬᠤ ᠶᠢ ᠰᠠᠨᠠᠭᠤᠯᠪᠠ᠃ ᠣᠯᠠᠨ ᠬᠡᠯᠪᠡᠷᠢ ᠶᠢᠨ ᠤᠬᠠᠭᠤᠯᠭ᠎ᠠ ᠨᠢ ᠬᠠᠷᠢᠶᠠᠲᠤ ᠣᠷᠣᠨ ᠤ ᠣᠯᠠᠨ ᠲᠦᠮᠡᠨ ᠪᠠ ᠠᠵᠤ ᠠᠬᠤᠶᠢᠯᠠᠯ ᠤᠨ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠤᠬᠠᠮᠰᠠᠷ ᠢ ᠴᠢᠩᠭᠠᠳᠬᠠᠵᠤ᠂ ᠮᠡᠳᠡᠯᠭᠡ ᠶᠢᠨ ᠥᠮᠴᠢᠯᠡᠬᠦ ᠡᠷᠬᠡ ᠶᠢ ᠠᠵᠤ ᠠᠬᠤᠶᠢᠯᠠᠯ ᠤᠨ ᠲᠦᠷᠭᠡᠨ ᠬᠥᠭᠵᠢᠭᠦᠯᠬᠦ ︽ᠲᠦᠯᠬᠢᠭᠴᠢ︾ ᠪᠣᠯᠭᠠᠪᠠ᠃    ᠭᠤᠷᠪᠠ ᠳᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠦᠷᠭᠡᠨ ᠬᠥᠭᠵᠢᠭᠡᠨ᠎ᠡ᠃ ᠲᠤᠰᠬᠠᠢ ᠠᠰᠢᠭ ᠤᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠲᠠᠸᠠᠷ ᠤᠨ ᠲᠡᠮᠳᠡᠭ ᠤᠨ ᠨᠡᠷᠡᠲᠦ ᠲᠡᠮᠳᠡᠭᠲᠦ ᠶᠢ ᠪᠤᠶᠢᠵᠢᠭᠤᠯᠬᠤ ᠲᠥᠯᠥᠪᠯᠡᠭᠡ ᠪᠠ ᠭᠠᠵᠠᠷ ᠵᠦᠶ ᠶᠢᠨ ᠲᠡᠮᠳᠡᠭ ᠢᠶᠠᠷ ᠠᠷᠠᠳ ᠢ ᠪᠠᠶᠠᠵᠢᠭᠤᠯᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠭᠠᠵᠠᠷ ᠵᠦᠶ ᠶᠢᠨ ᠪᠠᠶᠢᠷᠢᠯᠠᠯ ᠢᠶᠠᠷ ᠳᠠᠪᠠᠭᠤᠯᠢᠭ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠬᠥᠭᠵᠢᠶᠡᠨᠲᠡᠢ᠂ ᠦᠢᠯᠡᠴᠢᠯᠡᠭᠡᠨ ᠤ ᠦᠢᠯᠡᠰ ᠬᠠᠷᠢᠴᠠᠩᠭᠤᠢ ᠪᠠᠷ ᠬᠥᠭᠵᠢᠭᠰᠡᠨ ᠳᠠᠪᠠᠭᠤᠯᠢᠭ ᠢ ᠣᠨᠢᠯᠠᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠦᠢᠯᠡᠰ ᠤᠨ ᠪᠥᠭᠡᠮᠨᠡᠷᠡᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠢᠳᠡᠪᠬᠢᠲᠡᠢ ᠰᠦᠪᠡᠭᠴᠢᠯᠡᠨ᠎ᠡ᠃  ᠪᠠᠷᠬᠠᠨ ᠪᠠᠯᠭᠠᠰᠤᠨ ᠤ ᠬᠠᠷ᠎ᠠ ᠠᠷᠢᠬᠢᠨ ᠤ ᠠᠵᠢᠯ ᠲᠥᠷᠥᠯ ᠨᠢ ᠨᠠᠩ ᠥᠨᠳᠥᠷ ᠠᠵᠢᠯ ᠲᠥᠷᠥᠯ ᠤᠨ ᠪᠠᠷᠢᠮᠵᠢᠶ᠎ᠠ ᠶᠢ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠪᠠ ᠡᠵᠡᠩᠨᠡᠯᠲᠡ ᠳᠤ ᠠᠭᠤᠰᠬᠠᠵᠤ᠂ ᠬᠠᠷ᠎ᠠ ᠠᠷᠢᠬᠢᠨ ᠤ ᠠᠵᠢᠯ ᠲᠥᠷᠥᠯ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠳᠠᠮᠵᠢᠭᠤᠯᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦ  ᠨᠠᠮᠠᠷᠢᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号