| ᠨᠢᠭᠡ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠢ | ᠬᠠᠮᠠᠭᠠᠯᠠᠨ᠎ᠠ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ | ᠂ ᠵᠣᠨ ᠤ ᠠᠮᠠᠷᠠᠯᠲᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠰᠬᠠᠶ ᠰᠡᠳᠦᠪ ᠢᠶᠠᠷ ᠴᠢᠬᠤᠯᠠᠴᠢᠯᠠᠵᠤ᠂ ᠰᠤᠷᠭᠠᠭᠤᠯᠢ ᠶᠢᠨ | ᠬᠦᠷᠢᠶᠡᠨ ᠤ ᠳᠣᠲᠣᠭᠠᠳᠤ ᠳᠤ ᠵᠠᠬᠢᠷᠤᠯ᠂ ᠠᠩᠭᠢ ᠶᠢᠨ ᠡᠷᠬᠢᠯᠡᠭᠴᠢ᠂ ᠬᠡᠷ ᠤᠨ ᠠᠬᠠᠮᠠᠳ᠂ ᠰᠤᠷᠤᠭᠴᠢᠳ ᠤᠨ ︽ | ᠳᠥᠷᠪᠡ ᠶᠢ ᠨᠢᠭᠡ ᠴᠤᠭᠴᠠᠵᠢᠭᠤᠯᠬᠤ︾ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ | ᠬᠠᠷᠢᠭᠤᠴᠠᠯᠭ᠎ᠠ ᠶᠢ ᠱᠠᠲᠤ ᠱᠠᠲᠤ ᠪᠠᠷ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ | ᠰᠤᠷᠭᠠᠭᠤᠯᠢ ᠶᠢᠨ ᠭᠠᠳᠠᠨ᠎ᠠ ᠰᠤᠷᠭᠠᠭᠤᠯᠢ᠂ ᠬᠡᠷ ᠪᠦᠯᠢ᠂ ᠨᠡᠶᠢᠭᠡᠮ ᠤᠨ ︽ᠭᠤᠷᠪᠠ ᠶᠢ ᠨᠢᠭᠡ ᠴᠤᠭᠴᠠᠵᠢᠭᠤᠯᠬᠤ︾ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠰᠦᠯᠵᠢᠵᠦ᠂ ᠠᠮᠤᠷ ᠲᠦᠪᠰᠢᠨ ᠤ ᠠᠵᠢᠯ ᠢ ᠪᠣᠳᠠᠲᠠᠶ | ᠪᠥᠭᠡᠳ ᠨᠠᠷᠢᠯᠢᠭ ᠬᠢᠨ᠎ᠡ᠃ | ᠬᠤᠶᠠᠷ ᠲᠤ᠂ ᠠᠮᠤᠷ ᠲᠦᠪᠰᠢᠨ ᠤ ᠬᠥᠮᠦᠵᠢᠯ ᠢ ᠭᠦᠨᠵᠡᠭᠡᠶ ᠥᠷᠨᠢᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ | ᠬᠦᠷᠢᠶ᠎ᠡ ᠶᠢ ᠪᠠᠶᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ | ᠲᠣᠳᠣᠷᠬᠠᠶᠢᠯᠠᠵᠤ᠂ ᠳᠡᠭᠡᠳᠦ ᠬᠡᠮᠵᠢᠶᠡᠨ ᠤ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠮᠢᠶ᠎ᠠ ᠪᠥᠬᠦᠶ ᠰᠠᠯᠠᠭ᠎ᠠ ᠮᠥᠴᠢᠷ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠬᠡᠷ ᠪᠦᠯᠢ᠂ ᠰᠠᠶᠢᠨ ᠲᠤᠷᠠᠴᠤᠳ ᠤᠨ ᠡᠩᠨᠡᠭᠡ ᠲᠠᠢ ᠬᠤᠯᠪᠣᠭᠠᠯᠠᠨ᠂ ᠤᠬᠠᠭᠤᠯᠭ᠎ᠠ | ᠬᠥᠮᠦᠵᠢᠯ ᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠬᠤ᠂ ᠲᠥᠬᠦᠮ ᠣᠶᠢᠯᠠᠭᠠᠮᠵᠢᠲᠠᠶ ᠦᠭᠡ ᠬᠡᠯᠡ᠂ ᠵᠢᠷᠤᠭ᠂ | ᠬᠠᠷᠠᠭᠠᠨ ᠳᠠᠪᠲᠠᠮᠵᠢ ᠪᠠᠷ ᠤᠰᠤᠨ ᠳᠤ ᠤᠨᠠᠬᠤ ᠶᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ | ᠲᠠᠯ᠎ᠠ ᠪᠠᠷ ᠨᠡᠶᠢᠳᠡᠮ ᠬᠠᠮᠤᠷᠬᠤ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢ ᠭᠦᠨᠵᠡᠭᠡᠶ | ᠥᠷᠨᠢᠭᠦᠯᠦᠨ᠎ᠡ᠃ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ 6.5 ᠲᠦᠮᠡᠨ ᠬᠤᠪᠢ ᠭᠠᠷ ᠤᠨ ᠥᠰᠥᠭ | ᠵᠢᠷᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ 10 ᠭᠠᠷᠤᠢ ᠤᠳᠠᠭ᠎ᠠ | ᠰᠢᠯᠵᠢᠭᠦᠯᠦᠨ ᠨᠡᠶᠢᠲᠡᠯᠡᠵᠦ᠂ ᠠᠮᠤᠷ ᠲᠦᠪᠰᠢᠨ ᠤ ᠰᠠᠨᠠᠭᠤᠯᠤᠮᠵᠢ ᠶᠢ 9 ᠤᠳᠠᠭ᠎ᠠ ᠨᠡᠶᠢᠲᠡᠯᠡᠵᠦ᠂ ᠭᠡᠷ ᠤᠨ | ᠠᠬᠠᠮᠠᠳ ᠤᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠪᠠ᠃ | ᠭᠤᠷᠪᠠ ᠳᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠰᠠᠶᠢᠲᠤᠷ ᠬᠢᠪᠡ᠃ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠯᠲᠠ ᠲᠠᠯᠪᠢᠵᠤ | ᠪᠠᠶᠢᠴᠠᠭᠠᠬᠤ ᠵᠡᠷᠭᠡ ᠭᠤᠭᠴᠤᠭ᠎ᠠ ᠳᠤ ︽ᠡᠷᠭᠢᠵᠦ ᠬᠠᠷᠠᠬᠤ︾ ᠠᠵᠢᠯ ᠬᠢᠵᠦ᠂ ᠳᠤᠮᠳᠠᠳᠤ ᠪᠠᠭ᠎ᠠ ᠰᠤᠷᠭᠠᠭᠤᠯᠢ | ᠬᠡᠤᠬᠡᠳ ᠤᠨ ᠴᠡᠴᠡᠷᠯᠢᠭ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠭᠤᠤᠯᠳᠠᠯᠭ᠎ᠠ ᠲᠠᠢ ᠤᠰᠤᠨ ᠣᠷᠣᠨ᠂ ᠵᠡᠭᠡᠯᠢ | ᠭᠤᠳᠤᠮᠵᠢ ᠶᠢᠨ ᠰᠡᠷᠭᠡᠶᠢᠯᠡᠨ ᠰᠡᠷᠡᠮᠵᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠬᠠᠮᠢᠶ᠎ᠠ ᠪᠥᠬᠦᠶ ᠰᠢᠶᠠᠩ ᠪᠠᠯᠭᠠᠰᠤ᠂ | ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ | ᠳᠠᠯᠳᠠ ᠬᠡᠮ ᠢ 2 ᠤᠳᠠᠭ᠎ᠠ ᠵᠢᠭᠰᠠᠭᠠᠨ ᠪᠠᠶᠢᠴᠠᠭᠠᠵᠤ᠂ ᠰᠢᠰᠲ᠋ᠧᠮ ᠤᠨ ᠳᠣᠲᠣᠷ᠎ᠠ ᠰᠣᠯᠪᠢᠴᠠᠨ ᠬᠠᠷᠢᠯᠴᠠᠨ 2 | ᠤᠳᠠᠭ᠎ᠠ ᠪᠠᠶᠢᠴᠠᠭᠠᠵᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠴᠢᠩᠭ᠎ᠠ ᠨᠠᠶᠢᠳᠠᠪᠤᠷᠢᠵᠢᠭᠤᠯᠵᠤ᠂ | ᠨᠠᠰᠤᠨ ᠳᠤ ᠥᠯᠥ ᠭᠦᠷᠦᠭᠰᠡᠳ ᠲᠤ ᠠᠮᠤᠷ ᠲᠦᠪᠰᠢᠨ ᠵᠣᠨ ᠤ ᠠᠮᠠᠷᠠᠯᠲᠠ ᠶᠢᠨ ᠣᠷᠴᠢᠨ ᠨᠥᠬᠦᠴᠡᠯ ᠢ ᠪᠣᠶ | ᠪᠣᠯᠭᠠᠵᠤ ᠥᠭᠭᠦᠨ᠎ᠡ᠃ | ᠳᠥᠷᠪᠡ ᠳᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠵᠤᠨ ᠤ | ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠢ | ᠰᠢᠯᠢᠳᠡᠭᠵᠢᠭᠦᠯᠬᠦ ᠪᠠ ᠪᠡᠯᠡᠳᠬᠡᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠲᠠᠰ | ᠳᠡᠪᠰᠢᠭᠦᠯᠵᠦ᠂ ᠰᠤᠷᠭᠠᠭᠤᠯᠢ ᠶᠢᠨ ᠠᠮᠤᠷ ᠢ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠣᠭᠤᠷᠢᠨ ᠴᠠᠭᠳᠠᠬᠤ ᠶᠢ ᠴᠢᠩᠭᠠᠳᠬᠠᠨ᠂ ᠵᠣᠨ ᠤ | ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠵᠢᠵᠢᠭᠦᠷᠯᠡᠨ ᠰᠠᠬᠢᠬᠤ ᠠᠵᠢᠯ ᠪᠠ ᠤᠳᠤᠷᠢᠳᠤᠯᠭ᠎ᠠ | ᠳᠠᠭᠠᠭᠤᠯᠤᠨ ᠠᠵᠢᠯᠯᠠᠬᠤ ᠲᠦᠷᠢᠮ ᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ | | | | |