ᠨᠢᠩᠴᠧᠩ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠭᠰᠢ ᠰᠤᠷᠤᠭᠴᠢᠳ ᠤᠨ ᠵᠤᠨ ᠤ ᠠᠮᠠᠷᠠᠯᠲᠠ ᠶᠢᠨ ᠠᠶᠤᠯᠭᠦᠢ ᠶᠢᠨ ᠬᠥᠮᠦᠵᠢᠯ ᠤᠨ ᠠᠵᠢᠯ ᠢ ᠰᠠᠶᠢᠳᠤᠷ ᠬᠢᠨ᠎ᠡ
ᠨᠡᠶᠢᠲᠡᠯᠡᠭᠰᠡᠨ ᠴᠠᠭ᠄
2024/7/17
    ᠨᠢᠭᠡ ᠳᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭᠰᠢ ᠰᠤᠷᠤᠭᠴᠢᠳ ᠢ ᠬᠠᠮᠠᠭᠠᠯᠠᠨ᠎ᠠ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ ᠂ ᠵᠣᠨ ᠤ ᠠᠮᠠᠷᠠᠯᠲᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠤᠰᠬᠠᠶ ᠰᠡᠳᠦᠪ ᠢᠶᠠᠷ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠳᠤ ᠵᠠᠬᠢᠷᠤᠯ᠂ ᠠᠩᠭᠢ ᠶᠢᠨ ᠡᠷᠬᠢᠯᠡᠭᠴᠢ᠂ ᠬᠡᠷ ᠤᠨ ᠠᠬᠠᠮᠠᠳ᠂ ᠰᠤᠷᠤᠭᠴᠢᠳ ᠤᠨ ︽ᠳᠥᠷᠪᠡ ᠶᠢ ᠨᠢᠭᠡ ᠴᠤᠭᠴᠠᠵᠢᠭᠤᠯᠬᠤ︾ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠲᠣᠭᠲᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠰᠤᠷᠭᠠᠭᠤᠯᠢ ᠶᠢᠨ ᠭᠠᠳᠠᠨ᠎ᠠ ᠰᠤᠷᠭᠠᠭᠤᠯᠢ᠂ ᠬᠡᠷ ᠪᠦᠯᠢ᠂ ᠨᠡᠶᠢᠭᠡᠮ ᠤᠨ ︽ᠭᠤᠷᠪᠠ ᠶᠢ ᠨᠢᠭᠡ ᠴᠤᠭᠴᠠᠵᠢᠭᠤᠯᠬᠤ︾ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠰᠦᠯᠵᠢᠵᠦ᠂ ᠠᠮᠤᠷ ᠲᠦᠪᠰᠢᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠨ᠎ᠡ᠃  ᠬᠤᠶᠠᠷ ᠲᠤ᠂ ᠠᠮᠤᠷ ᠲᠦᠪᠰᠢᠨ ᠤ ᠬᠥᠮᠦᠵᠢᠯ ᠢ ᠭᠦᠨᠵᠡᠭᠡᠶ ᠥᠷᠨᠢᠭᠦᠯᠵᠦ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠲᠣᠳᠣᠷᠬᠠᠶᠢᠯᠠᠵᠤ᠂ ᠳᠡᠭᠡᠳᠦ ᠬᠡᠮᠵᠢᠶᠡᠨ ᠤ ᠲᠤᠯᠭᠠᠮ᠎ᠠ ᠰᠡᠳᠬᠢᠯᠭᠡ᠂ ᠲᠦᠭᠰᠢᠭᠦᠷᠢᠲᠦ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠠᠮᠢᠶ᠎ᠠ ᠪᠥᠬᠦᠶ ᠰᠠᠯᠠᠭ᠎ᠠ ᠮᠥᠴᠢᠷ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠡᠷ ᠪᠦᠯᠢ᠂ ᠰᠠᠶᠢᠨ ᠲᠤᠷᠠᠴᠤᠳ ᠤᠨ ᠡᠩᠨᠡᠭᠡ ᠲᠠᠢ ᠬᠤᠯᠪᠣᠭᠠᠯᠠᠨ᠂ ᠤᠬᠠᠭᠤᠯᠭ᠎ᠠ ᠬᠥᠮᠦᠵᠢᠯ ᠤᠨ ᠠᠷᠭ᠎ᠠ ᠬᠡᠯᠪᠡᠷᠢ ᠶᠢ ᠪᠠᠶᠠᠯᠢᠭᠵᠢᠭᠤᠯᠬᠤ᠂ ᠲᠥᠬᠦᠮ ᠣᠶᠢᠯᠠᠭᠠᠮᠵᠢᠲᠠᠶ ᠦᠭᠡ ᠬᠡᠯᠡ᠂ ᠵᠢᠷᠤᠭ᠂ ᠬᠠᠷᠠᠭᠠᠨ ᠳᠠᠪᠲᠠᠮᠵᠢ ᠪᠠᠷ ᠤᠰᠤᠨ ᠳᠤ ᠤᠨᠠᠬᠤ ᠶᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠲᠠᠯ᠎ᠠ ᠪᠠᠷ ᠨᠡᠶᠢᠳᠡᠮ ᠬᠠᠮᠤᠷᠬᠤ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢ ᠭᠦᠨᠵᠡᠭᠡᠶ ᠥᠷᠨᠢᠭᠦᠯᠦᠨ᠎ᠡ᠃ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ 6.5 ᠲᠦᠮᠡᠨ ᠬᠤᠪᠢ ᠭᠠᠷ ᠤᠨ ᠥᠰᠥᠭ ᠵᠢᠷᠤᠵᠤ᠂ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠮᠡᠳᠡᠯᠭᠡ ᠶᠢ 10 ᠭᠠᠷᠤᠢ ᠤᠳᠠᠭ᠎ᠠ ᠰᠢᠯᠵᠢᠭᠦᠯᠦᠨ ᠨᠡᠶᠢᠲᠡᠯᠡᠵᠦ᠂ ᠠᠮᠤᠷ ᠲᠦᠪᠰᠢᠨ ᠤ ᠰᠠᠨᠠᠭᠤᠯᠤᠮᠵᠢ ᠶᠢ 9 ᠤᠳᠠᠭ᠎ᠠ ᠨᠡᠶᠢᠲᠡᠯᠡᠵᠦ᠂ ᠭᠡᠷ ᠤᠨ ᠠᠬᠠᠮᠠᠳ ᠤᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠪᠠᠳᠠᠪᠠ᠃  ᠭᠤᠷᠪᠠ ᠳᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠪᠡ᠃ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠭᠤᠭᠴᠤᠭ᠎ᠠ ᠳᠤ ︽ᠡᠷᠭᠢᠵᠦ ᠬᠠᠷᠠᠬᠤ︾ ᠠᠵᠢᠯ ᠬᠢᠵᠦ᠂ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠵᠣᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠭᠤᠤᠯᠳᠠᠯᠭ᠎ᠠ ᠲᠠᠢ ᠤᠰᠤᠨ ᠣᠷᠣᠨ᠂ ᠵᠡᠭᠡᠯᠢ ᠭᠤᠳᠤᠮᠵᠢ ᠶᠢᠨ ᠰᠡᠷᠭᠡᠶᠢᠯᠡᠨ ᠰᠡᠷᠡᠮᠵᠢᠯᠡᠬᠦ ᠤᠬᠠᠮᠰᠠᠷ ᠢ ᠳᠡᠭᠡᠭᠰᠢᠯᠡᠭᠦᠯᠦᠨ᠎ᠡ᠃ ᠬᠠᠮᠢᠶ᠎ᠠ ᠪᠥᠬᠦᠶ ᠰᠢᠶᠠᠩ ᠪᠠᠯᠭᠠᠰᠤ᠂ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠳᠠᠯᠳᠠ ᠬᠡᠮ ᠢ 2 ᠤᠳᠠᠭ᠎ᠠ ᠵᠢᠭᠰᠠᠭᠠᠨ ᠪᠠᠶᠢᠴᠠᠭᠠᠵᠤ᠂ ᠰᠢᠰᠲ᠋ᠧᠮ ᠤᠨ ᠳᠣᠲᠣᠷ᠎ᠠ ᠰᠣᠯᠪᠢᠴᠠᠨ ᠬᠠᠷᠢᠯᠴᠠᠨ 2 ᠤᠳᠠᠭ᠎ᠠ ᠪᠠᠶᠢᠴᠠᠭᠠᠵᠤ᠂ ︽ᠥᠴᠦᠬᠡᠨ ᠴᠦ ᠠᠭᠤᠴᠢᠯᠠᠬᠤ ᠥᠬᠡᠶ︾ ᠣᠪᠣᠷ ᠢᠶᠠᠷ ᠴᠢᠩᠭ᠎ᠠ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠲᠤ ᠠᠮᠤᠷ ᠲᠦᠪᠰᠢᠨ ᠵᠣᠨ ᠤ ᠠᠮᠠᠷᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠨ᠎ᠡ᠃  ᠳᠥᠷᠪᠡ ᠳᠤ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠵᠤᠨ ᠤ ᠠᠮᠠᠷᠠᠯᠲᠠ ᠶᠢᠨ ᠬᠤᠭᠤᠴᠠᠭ᠎ᠠ ᠶᠢ ᠠᠰᠢᠭᠯᠠᠨ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯᠲᠠᠨ ᠢ ᠰᠢᠯᠢᠳᠡᠭᠵᠢᠭᠦᠯᠬᠦ ᠪᠠ ᠪᠡᠯᠡᠳᠬᠡᠮᠵᠢ ᠶᠢᠨ  ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠲᠠᠰ ᠳᠡᠪᠰᠢᠭᠦᠯᠵᠦ᠂ ᠰᠤᠷᠭᠠᠭᠤᠯᠢ ᠶᠢᠨ ᠠᠮᠤᠷ ᠢ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠲᠣᠭᠤᠷᠢᠨ ᠴᠠᠭᠳᠠᠬᠤ ᠶᠢ ᠴᠢᠩᠭᠠᠳᠬᠠᠨ᠂ ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠵᠢᠵᠢᠭᠦᠷᠯᠡᠨ ᠰᠠᠬᠢᠬᠤ ᠠᠵᠢᠯ ᠪᠠ ᠤᠳᠤᠷᠢᠳᠤᠯᠭ᠎ᠠ ᠳᠠᠭᠠᠭᠤᠯᠤᠨ ᠠᠵᠢᠯᠯᠠᠬᠤ ᠲᠦᠷᠢᠮ ᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号