| ᠨᠢᠭᠡ ᠲᠠᠯ᠎ᠠ ᠪᠠᠷ᠂ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠲᠣᠰᠬᠤᠨ ᠤ | ︽ᠬᠤᠶᠠᠷ ᠵᠥᠪᠯᠡᠯ︾ ᠤᠨ ᠪᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠢᠳᠡᠪᠬᠢᠲᠡᠶ ᠪᠠᠷ ᠵᠣᠬᠢᠶᠠᠨ | ᠪᠠᠶᠢᠭᠤᠯᠤᠨ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠪᠠᠷ ᠤᠬᠠᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠯ᠎ᠡ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠳᠤ ︽ | ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠢ ᠲᠣᠳᠣᠷᠬᠠᠶ ᠶᠠᠷᠢᠵᠤ᠂ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ | ᠤᠨ ᠳᠠᠭᠠᠳᠬᠠᠯ ᠳᠤ ᠣᠷᠣᠯᠴᠠᠬᠤ ᠡᠲᠡᠭᠡᠳ᠂ ᠪᠠᠲᠤᠯᠠᠭ᠎ᠠ ᠶᠢᠨ ᠬᠡᠪᠴᠢᠶ᠎ᠡ᠂ ᠳᠠᠭᠠᠳᠬᠠᠯ ᠳᠤ ᠣᠷᠣᠯᠴᠠᠬᠤ ᠵᠢᠴᠢ | ᠲᠥᠯᠥᠪᠦᠷᠢ ᠥᠭᠬᠦ ᠶᠠᠪᠤᠴᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ︽ᠶᠠᠳᠠᠭᠤᠷᠠᠬᠤ ᠶᠢ ᠰᠡᠷᠭᠡᠶᠢᠯᠡᠬᠦ | ᠳᠠᠭᠠᠳᠬᠠᠯ︾ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃ ᠭᠦᠨᠵᠡᠭᠡᠶ ᠪᠠᠶᠢᠴᠠᠭᠠᠨ | ᠵᠢᠭᠰᠠᠭᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠨ᠎ᠠ᠃ ᠲᠣᠰᠬᠤᠨ ᠤ ︽ᠬᠤᠶᠠᠷ ᠵᠥᠪᠯᠡᠯ︾᠂ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠬᠥᠳᠡᠯᠦᠩᠭᠦᠶ ᠲᠣᠬᠢᠷᠠᠭᠤᠯᠤᠯᠲᠠ ᠬᠢᠬᠦ ᠵᠡᠷᠭᠡ ᠠᠵᠢᠯ ᠲᠠᠢ | ᠤᠶᠠᠯᠳᠤᠭᠤᠯᠤᠨ ᠡᠷᠦᠬᠡ ᠳᠤ ᠬᠦᠷᠴᠦ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ ᠡᠪᠡᠳᠴᠢᠨ ᠲᠠᠢ᠂ ᠭᠠᠮᠰᠢᠭᠳᠠᠬᠰᠠᠨ᠂ ᠰᠤᠷᠭᠠᠭᠤᠯᠢ ᠳᠤ ᠰᠠᠭᠤᠬᠤ᠂ ᠭᠡᠨᠡᠳᠲᠡ ᠶᠢᠨ ᠠᠳᠡᠯ | ᠵᠡᠷᠭᠡ ᠠᠴᠠ ᠪᠣᠯᠵᠣ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠲᠠᠢ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ | ᠭᠤᠤᠯᠳᠠᠯᠭ᠎ᠠ ᠲᠠᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠵᠤ᠂ ᠳᠠᠭᠠᠳᠬᠠᠯ ᠤᠨ ᠺᠣᠮᠫᠠᠨᠢ ᠲᠠᠢ ᠢᠳᠡᠪᠬᠢᠲᠡᠶ ᠪᠠᠷ | ᠵᠣᠯᠭᠠᠭᠤᠯᠵᠤ᠂ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ︽ᠳᠥᠯᠥᠪᠡᠰᠦ ᠵᠣᠬᠢᠬᠤ ᠶᠢ ᠨᠢ ᠪᠦᠬᠦᠨ ᠢ ᠲᠥᠯᠥᠵᠦ᠂ | ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨᠬᠦ ᠪᠠᠲᠤᠯᠠᠵᠤ᠂ ︽ᠬᠥᠮᠦᠨ ᠲᠥᠷᠥ ᠶᠢᠨ | ᠪᠣᠳᠣᠯᠭ᠎ᠠ ᠶᠢ ᠡᠷᠢᠬᠦ︾ ᠠᠴᠠ ︽ᠲᠥᠷᠥ ᠶᠢᠨ ᠪᠣᠳᠣᠯᠭ᠎ᠠ ᠬᠥᠮᠦᠨ ᠡᠷᠢᠬᠦ︾ ᠪᠣᠯᠭᠠᠨ ᠲᠠᠰ ᠳᠡᠪᠰᠢᠭᠦᠯᠬᠦ ᠶᠢ | ᠠᠮᠵᠢᠯᠲᠠ ᠲᠠᠢ ᠪᠡᠶᠡᠯᠡᠭᠦᠯᠪᠡ᠃ ᠨᠥᠭᠦᠭᠡ ᠲᠠᠯ᠎ᠠ ᠪᠠᠷ᠂ ᠴᠤᠪᠤᠷᠠᠯ ᠢ ᠨᠠᠷᠢᠯᠢᠬᠵᠢᠭᠤᠯᠵᠤ᠂ ᠣᠷᠳᠣ ᠬᠤᠭᠤᠴᠠᠭ᠎ᠠ ᠪᠠᠷ | ᠪᠦᠲᠦᠮᠵᠢᠲᠡᠶ ᠬᠠᠪᠰᠤᠷᠤᠨ ᠲᠡᠳᠬᠦᠨ᠎ᠡ᠃ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠯᠪᠠᠨ ᠬᠡᠷ ᠠᠴᠠ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠤᠨ ᠲᠥᠷᠥ ᠶᠢᠨ ᠪᠣᠳᠣᠯᠭ᠎ᠠ ᠶᠢ ᠭᠤᠶᠤᠴᠢᠯᠠᠨ | ᠮᠡᠳᠡᠭᠦᠯᠬᠦ ᠠᠵᠢᠯ ᠢ ᠬᠠᠷᠢᠭᠤᠴᠠᠵᠤ᠂ ᠲᠥᠯᠥᠪᠦᠷᠢ ᠥᠭᠬᠦ ᠬᠥᠮᠦᠰ ᠢ ᠬᠠᠮᠤᠭ ᠤᠨ ᠲᠡᠷᠢᠭᠦᠨ ᠳᠤ ᠢᠯᠡᠷᠡᠭᠦᠯᠵᠦ᠂ | ᠳᠠᠭᠠᠳᠬᠠᠯ ᠢ ᠳᠠᠭᠠᠭᠠᠴᠢᠯᠠᠬᠤ ᠺᠣᠮᠫᠠᠨᠢ ᠲᠠᠢ ᠴᠠᠭ ᠲᠤᠬᠠᠶ ᠳᠤᠨᠢ ᠵᠣᠯᠭᠠᠭᠤᠯᠵᠤ᠂ ᠲᠥᠯᠥᠪᠦᠷᠢ ᠥᠭᠬᠦ ᠳᠤ ᠬᠡᠷᠡᠭᠰᠡᠬᠦ | ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠲᠠᠷᠢᠶᠠᠴᠢᠨ ᠡᠷᠦᠬᠡ ᠲᠠᠢ ᠰᠠᠨᠠᠭᠠᠴᠢᠯᠠᠭ᠎ᠠ ᠠᠴᠠ ᠪᠠᠨ ᠬᠠᠮᠵᠢᠯᠴᠠᠨ ︽ | ᠶᠠᠳᠠᠭᠤ ᠶᠢ ᠰᠡᠷᠭᠡᠶᠢᠯᠡᠬᠦ ᠳᠠᠭᠠᠳᠬᠠᠯ︾ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠲᠥᠯᠥᠬᠦ ᠶᠢ | ᠳᠡᠭᠡᠭᠰᠢ ᠮᠡᠳᠡᠭᠦᠯᠬᠦ ᠶᠠᠪᠤᠴᠠ ᠶᠢ ᠪᠣᠭᠤᠨᠢᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ | ᠬᠥᠭᠰᠢᠨ ᠪᠠᠭᠤᠷᠠᠶ ᠡᠪᠡᠳᠴᠢᠨ ᠲᠠᠢ ᠵᠡᠮᠳᠡᠭ︾᠂ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ ᠲᠥᠯᠥᠪᠦᠷᠢ | ᠭᠤᠶᠤᠴᠢᠯᠠᠬᠤ ᠡᠲᠡᠭᠡᠳ ᠲᠤ ᠴᠢᠭᠯᠡᠭᠦᠯᠦᠨ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ | ᠰᠠᠭᠤᠭ᠎ᠠ ᠠᠵᠢᠯᠯᠠᠬᠤ ᠠᠩᠭᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠪᠰᠤᠷᠤᠨ ᠭᠦᠢᠴᠡᠳᠬᠡᠬᠦ ᠪᠠ ᠣᠷᠣᠯᠠᠨ | ᠭᠦᠢᠴᠡᠳᠬᠡᠬᠦ ᠠᠵᠢᠯ ᠢ ᠰᠠᠶᠢᠲᠤᠷ ᠬᠢᠵᠦ᠂ ︽ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ︾ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠨᠡ ᠵᠢᠯ ᠠᠴᠠ ᠨᠠᠰᠢ᠂ ᠭᠡᠭᠡᠨ ᠬᠤᠲᠠ ᠪᠠᠯᠭᠠᠰᠤ ᠨᠢᠭᠡᠨᠲᠡ | ᠶᠠᠳᠠᠭᠤ ᠠᠴᠠ ᠠᠩᠭᠢᠵᠢᠷᠠᠭᠰᠠᠨ 10 ᠡᠷᠦᠬᠡ ︵ᠬᠢᠨᠠᠨ ᠬᠡᠮᠵᠢᠬᠦ ᠡᠷᠦᠬᠡ︶ ᠳᠤ ᠶᠠᠳᠠᠭᠤ ᠬᠦᠴᠢᠷᠳᠡᠯᠲᠡᠢ | ᠬᠥᠮᠦᠨ ᠠᠴᠠ ᠰᠡᠷᠭᠡᠶᠢᠯᠡᠬᠦ ᠳᠠᠭᠠᠳᠬᠠᠯ ᠭᠤᠶᠤᠴᠢᠯᠠᠨ ᠮᠡᠳᠡᠭᠦᠯᠪᠡ᠂ ᠡᠭᠦᠨ ᠳᠤ 6 ᠡᠷᠦᠬᠡ ᠨᠢ ᠨᠢᠭᠡᠨᠲᠡ | ᠲᠥᠯᠥᠪᠦᠷᠢ ᠤᠯᠵᠦ᠂ ᠲᠥᠯᠥᠪᠦᠷᠢ ᠶᠢᠨ ᠵᠣᠭᠤᠰ ᠤᠨ ᠲᠤᠭ᠎ᠠ ᠨᠢ 5.6 ᠲᠦᠮᠡᠨ ᠲᠥᠭᠦᠷᠢᠭ ᠲᠤ ᠬᠦᠷᠴᠦ᠂ | ᠦᠯᠡᠳᠡᠭᠰᠡᠨ 4 ᠡᠷᠦᠬᠡ ᠨᠢ ᠶᠠᠭ ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠭᠦᠢᠴᠡᠳᠭᠡᠵᠦ ᠪᠠᠶᠢᠨ᠎ᠠ᠃ |