| ᠨᠢᠭᠡ ᠳᠤ᠂ ᠥᠪᠡᠷᠲᠡᠭᠡᠨ ᠵᠠᠰᠠᠬᠤ ᠪᠠᠷ ᠰᠠᠭᠤᠷᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ︽ | ᠳᠣᠲᠣᠭᠠᠳᠤ ᠠᠮᠢᠵᠢᠷᠠᠯ ᠤᠨ ᠬᠦᠴᠦᠨ︾ ᠢ ᠬᠥᠭᠵᠢᠭᠡᠨ᠎ᠡ᠃ ᠲᠣᠰᠬᠤᠨ ᠤ ᠱᠠᠲᠤᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠤᠨ | ᠠᠷᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠠᠴᠠ | ᠲᠦᠷᠦᠭᠦᠯᠡᠨ ᠬᠡᠷᠡᠭᠵᠢᠭᠦᠯᠵᠦ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠦ᠂ | ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠭᠦᠯᠦᠨ᠎ᠡ | ᠃ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ + ᠲᠣᠰᠬᠤᠨ ᠤ ᠠᠷᠠᠳ ᠤᠨ ᠭᠤᠣᠯ ᠴᠣᠭᠴᠠ︾ | ᠶᠢᠨ ᠠᠵᠢᠯ ᠤᠨ ᠠᠷᠭ᠎ᠠ ᠵᠠᠮ ᠢ ᠰᠦᠪᠡᠭᠴᠢᠯᠡᠵᠦ᠂ ︽ᠲᠦᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ | ᠠᠷᠠᠳᠴᠢᠯᠠᠭᠰᠠᠨ ᠬᠠᠮᠢᠶᠠᠷᠤᠯᠲᠠ ᠶᠢᠨ ᠲᠦᠷᠢᠮ ᠢᠶᠠᠷ ᠠᠴᠢᠶᠠᠯᠠᠪᠤᠷᠢ ᠪᠣᠯᠭᠠᠵᠤ᠂ ᠲᠣᠰᠬᠤᠨ ᠤ ᠱᠠᠲᠤᠨ ᠤ ︽ | ᠭᠤᠷᠪᠠᠨ ᠶᠠᠪᠤᠳᠠᠯ︾ ᠢ ᠢᠯᠡ ᠪᠣᠯᠭᠠᠵᠤ ᠵᠢᠷᠤᠮᠵᠢᠭᠤᠯᠵᠤ᠂ ᠲᠣᠰᠬᠤᠨ ᠤ ᠠᠷᠠᠳ ᠤᠨ ᠶᠠᠪᠤᠳᠠᠯ ᠢ ᠲᠣᠰᠬᠤᠨ ᠤ | ᠠᠷᠠᠳ ᠤᠨ ᠬᠡᠯᠡᠭᠰᠡᠨ ᠢᠶᠠᠷ ᠪᠤᠳᠤᠵᠤ᠂ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠰᠠᠨᠠᠭᠠᠴᠢᠯᠠᠭᠠᠲᠤ ᠴᠢᠨᠠᠷ᠂ | ᠢᠳᠡᠪᠬᠢᠵᠢᠯ᠂ ᠪᠦᠲᠦᠭᠡᠯᠴᠢ ᠴᠢᠨᠠᠷ ᠢ ᠳᠡᠭᠡᠭᠰᠢᠯᠡᠭᠦᠯᠦᠨ᠎ᠡ᠃ ᠲᠣᠰᠬᠤᠨ ᠤ ᠠᠷᠠᠳ ᠤᠨ ᠬᠡᠷᠡᠭᠴᠡᠭᠡ ᠪᠠᠷ | ᠤᠳᠤᠷᠢᠳᠤᠮᠵᠢ ᠪᠣᠯᠭᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠣᠲᠣ ᠶᠢᠨ ᠪᠠᠶᠢᠭ᠎ᠠ ᠡᠬᠢ ᠪᠠᠶᠠᠯᠢᠭ ᠲᠤ ᠲᠦᠰᠢᠭᠯᠡᠨ | ᠂ ᠲᠣᠰᠬᠤᠨ ᠤ ᠠᠷᠠᠳ ᠤᠨ ᠬᠡᠷᠡᠭ ᠵᠥᠪᠯᠡᠵᠦ ᠵᠥᠪᠳᠡᠯᠴᠡᠬᠦ ᠵᠢᠭᠰᠠᠭᠠᠯ ᠤᠨ ᠭᠠᠵᠠᠷ ᠢ ᠪᠣᠶ ᠪᠣᠯᠭᠠᠵᠤ᠂ ᠲᠤᠰᠬᠠᠶ | ᠰᠡᠳᠦᠪᠲᠦ ᠰᠣᠯᠢᠯᠴᠠᠭᠠᠨ ᠤ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ᠂ | ᠰᠡᠳᠬᠢᠯ ᠤᠨ ᠦᠭᠡ ᠪᠠᠨ ᠵᠥᠪᠯᠡᠬᠦ ᠵᠡᠷᠭᠡ ᠦᠢᠯᠡᠴᠢᠯᠡᠭᠡᠨ ᠤ ᠴᠢᠳᠠᠮᠵᠢ ᠶᠢ ᠲᠤᠪᠤᠶᠢᠯᠭᠠᠨ᠎ᠠ᠃ ᠡᠨᠡ ᠵᠢᠯ ᠠᠴᠠ ᠨᠠᠰᠢ | ᠂ ᠪᠥᠬᠦ ᠪᠠᠯᠭᠠᠰᠤᠨ ᠤ 34 ᠵᠠᠰᠠᠭ ᠵᠠᠬᠢᠷᠭᠠᠨ ᠤ ᠲᠣᠰᠬᠤᠨ ᠰᠣᠯᠢᠯᠴᠠᠨ ᠶᠠᠷᠢᠯᠴᠠᠬᠤ᠂ ᠰᠠᠨᠠᠯ ᠬᠤᠷᠢᠶᠠᠬᠤ ᠵᠡᠷᠭᠡ | ᠠᠵᠢᠯᠯᠠᠭ᠎ᠠ ᠶᠢ ᠨᠡᠶᠢᠲᠡ 70 ᠭᠠᠷᠤᠶ ᠤᠳᠠᠭ᠎ᠠ ᠥᠷᠨᠢᠭᠦᠯᠵᠦ᠂ ᠲᠣᠰᠬᠤᠨ ᠤ ᠠᠷᠠᠳ ᠤᠨ ᠦᠨᠡᠨ ᠬᠦ ᠠᠩᠬᠠᠷᠴᠤ | ᠪᠠᠶᠢᠭ᠎ᠠ ᠪᠣᠳᠠᠲᠠᠶ ᠠᠰᠠᠭᠤᠳᠠᠯ ᠢ 100 ᠭᠠᠷᠤᠶ ᠰᠢᠢᠳᠪᠤᠷᠢᠯᠡᠪᠡ᠃ | ᠬᠤᠶᠠᠷ ᠲᠤ᠂ ᠬᠠᠤᠯᠢ ᠪᠠᠷ ᠵᠠᠰᠠᠬᠤ ᠪᠠᠷ ᠬᠥᠲᠥᠯᠪᠦᠷᠢ ᠪᠣᠯᠭᠠᠵᠤ᠂ ᠬᠥᠳᠡᠭᠡ ᠲᠣᠰᠬᠤᠨ ᠤ ᠵᠠᠰᠠᠯᠲᠠ ᠶᠢᠨ ︽ | ᠬᠢᠵᠠᠭᠠᠷᠯᠠᠬᠤ ᠬᠦᠴᠦᠨ︾ ᠢ ᠴᠢᠩᠭᠠᠳᠬᠠᠪᠠ᠃ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠠᠵᠢᠯ ᠤᠨ | ᠰᠢᠰᠲ᠋ᠧᠮ ᠢ ᠢᠳᠡᠪᠬᠢᠲᠡᠢ ᠪᠠᠶᠢᠭᠤᠯᠵᠤ᠂ ᠪᠠᠯᠭᠠᠰᠤᠨ ᠤ ᠨᠠᠮ ᠤᠨ ᠬᠤᠷᠢᠶ᠎ᠠ ᠶᠢᠨ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠶᠡᠷᠦᠩᠬᠡᠶᠢᠯᠡᠨ ᠵᠠᠰᠠᠬᠤ᠂ ᠵᠠᠬᠢᠳᠠᠯ | ᠰᠤᠷᠪᠤᠯᠵᠢᠯᠠᠭ᠎ᠠ᠂ ᠬᠠᠤᠯᠢ ᠴᠠᠭᠠᠵᠠ ᠵᠡᠷᠭᠡ ᠬᠦᠴᠦᠨ ᠢ ᠨᠡᠶᠢᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ | ᠶᠠᠷᠢᠯᠴᠠᠬᠤ ᠬᠤᠷᠠᠯ ᠬᠤᠷᠠᠯᠳᠤᠭᠤᠯᠵᠤ ᠡᠯ᠎ᠡ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠥᠷᠢᠴᠡᠯ ᠵᠢᠭᠤᠷᠠᠯᠳᠤᠭᠠᠨ ᠢ ᠬᠠᠮᠲᠤᠪᠠᠷ ᠡᠶᠡᠳᠡᠭᠦᠯᠬᠦ᠂ ᠲᠤᠪᠤᠶᠢᠮ᠎ᠠ | ᠠᠰᠠᠭᠤᠳᠠᠯ ᠢ ᠬᠠᠮᠲᠤᠪᠠᠷ ᠵᠠᠰᠠᠬᠤ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠶᠢ ᠬᠠᠮᠲᠤᠪᠠᠷ ᠴᠣᠭᠴᠠᠯᠠᠬᠤ ᠰᠠᠶᠢᠨ | ᠰᠠᠶᠢᠬᠠᠨ ᠠᠵᠢᠯ ᠤᠨ ᠪᠠᠶᠢᠳᠠᠯ ᠢ ᠪᠦᠬᠦ ᠲᠠᠯ᠎ᠠ ᠪᠠᠷ ᠠᠬᠢᠭᠤᠯᠤᠨ᠎ᠠ᠃ ᠳᠡᠭᠡᠳᠦ ᠱᠠᠲᠤᠨ ᠤ ᠬᠤᠯᠪᠣᠭᠳᠠᠯ ᠪᠥᠬᠦᠶ | ᠬᠠᠤᠯᠢ ᠲᠦᠭᠡᠮᠡᠯᠵᠢᠭᠦᠯᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠥᠬᠦ ᠪᠠᠯᠭᠠᠰᠤᠨ ᠤ ᠬᠡᠪᠴᠢᠶᠡᠨ ᠳᠤ ᠬᠠᠤᠯᠢ | ᠲᠦᠭᠡᠮᠡᠯᠵᠢᠭᠦᠯᠬᠦ ᠬᠥᠮᠦᠵᠢᠯ ᠪᠠ ᠬᠠᠤᠯᠢ ᠲᠦᠷᠢᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠢᠯᠠᠩᠭᠤᠶ᠎ᠠ ᠤᠯᠤᠰ ᠤᠨ ᠦᠨᠳᠦᠰᠦᠨ ᠬᠠᠤᠯᠢ ᠶᠢᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ | ᠴᠡᠭ ᠲᠤ ᠲᠣᠰᠬᠤᠨ ᠤ ᠠᠷᠠᠳ ᠤᠨ ᠸᠢᠴᠠᠲ ᠤᠨ ᠪᠦᠯᠦᠭ᠂ ᠤᠬᠠᠭᠤᠯᠭ᠎ᠠ ᠶᠢᠨ ᠬᠠᠭᠤᠳᠠᠰᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠯᠪᠣᠭᠳᠠᠯ ᠪᠥᠬᠦᠶ ᠬᠠᠤᠯᠢ ᠪᠠᠷ ᠵᠠᠰᠠᠭᠰᠠᠨ ᠬᠡᠷᠡᠭ ᠤᠨ ᠵᠢᠱᠢᠶ᠎ᠡ᠂ ᠰᠡᠷᠡᠮᠵᠢᠯᠡᠭᠦᠯᠬᠦ | ᠬᠥᠮᠦᠵᠢᠯ ᠵᠡᠷᠭᠡ ᠮᠡᠳᠡᠭᠡ ᠵᠠᠩᠭᠢ ᠶᠢ ᠥᠷᠭᠡᠨ ᠢᠶᠠᠷ ᠲᠠᠷᠬᠠᠭᠠᠵᠤ᠂ ᠥᠷᠭᠡᠨ ᠣᠯᠠᠨ ᠲᠣᠰᠬᠤᠨ ᠤ ᠠᠷᠠᠳ ᠤᠨ | ᠬᠠᠤᠯᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠬᠠᠤᠯᠢ ᠪᠠᠷ ᠵᠠᠰᠠᠬᠤ ᠦᠵᠡᠯᠲᠡ ᠶᠢ ᠭᠦᠢᠴᠡᠳ | ᠴᠢᠩᠭᠠᠳᠬᠠᠪᠠ᠃ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ᠂ ᠲᠣᠰᠬᠤᠨ ᠢ | ᠳᠠᠭᠠᠭᠠᠴᠢᠯᠠᠭᠰᠠᠨ ᠠᠵᠢᠯᠯᠠᠬᠤ ᠠᠩᠭᠢ᠂ ᠠᠷᠠᠳ ᠤᠨ ᠡᠶᠡᠳᠡᠭᠦᠯᠦᠭᠴᠢ᠂ ᠬᠡᠰᠡᠭ ᠬᠠᠮᠢᠶᠠᠷᠤᠬᠴᠢ ᠵᠡᠷᠭᠡ ᠬᠦᠴᠦᠨ ᠤ | ᠡᠬᠢ ᠪᠠᠶᠠᠯᠢᠭ ᠢ ᠠᠰᠢᠭᠯᠠᠨ᠂ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠠᠵᠢᠯ ᠤᠨ ᠡᠩᠨᠡᠭᠡ ᠶᠢ | ᠪᠤᠵᠠᠭᠠᠶᠢᠷᠠᠭᠤᠯᠵᠤ᠂ ᠲᠡᠳᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠬᠤ᠂ ᠬᠠᠤᠯᠢ ᠴᠠᠭᠠᠵᠠ ᠶᠢᠨ ᠦᠢᠯᠡᠴᠢᠯᠡᠭᠡ ᠶᠢ ᠬᠥᠲᠥᠯᠦᠨ ᠵᠢᠯᠣᠭᠤᠳᠬᠤ ᠳᠤᠮᠳᠠᠬᠢ | ᠵᠢᠱᠢᠶ᠎ᠡ ᠦᠵᠡᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ | ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠳᠤ ᠤᠯᠠᠮ ᠨᠢᠭᠡ ᠠᠯᠬᠤᠮ ᠬᠦᠴᠦᠨ ᠨᠡᠮᠡᠷᠢᠯᠡᠪᠡ᠃ ᠡᠨᠡ | ᠵᠢᠯ ᠠᠴᠠ ᠨᠠᠰᠢ᠂ ᠪᠥᠬᠦ ᠪᠠᠯᠭᠠᠰᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡ 5 ᠲᠠᠯᠠᠪᠤᠷ | ᠤᠳᠠᠭ᠎ᠠ ᠥᠷᠨᠢᠭᠦᠯᠵᠦ᠂ ᠳᠠᠭᠤᠨ ᠳᠠᠪᠲᠠᠮᠵᠢ᠂ ᠸᠢᠳᠢᠣ᠋ 3 ᠵᠤᠷᠪᠤᠰ ᠨᠡᠪᠲᠡᠷᠡᠭᠦᠯᠵᠦ᠂ 700 ᠭᠠᠷᠤᠶ | ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ | ᠭᠤᠷᠪᠠ ᠳᠤ᠂ ᠶᠣᠰᠣ ᠰᠤᠷᠲᠠᠬᠤᠨ ᠢᠶᠠᠷ ᠵᠠᠰᠠᠬᠤ ᠶᠢ ᠲᠡᠷᠢᠭᠦᠨ ᠳᠤ ᠲᠠᠯᠪᠢᠵᠤ᠂ ᠬᠥᠳᠡᠭᠡ ᠲᠣᠰᠬᠤᠨ ᠤ | ᠵᠠᠰᠠᠯᠲᠠ ᠶᠢᠨ ︽ᠳᠠᠮᠵᠢᠭᠤᠯᠬᠤ ᠬᠦᠴᠦᠨ︾ ᠢ ᠳᠡᠭᠡᠭᠰᠢᠯᠡᠭᠦᠯᠦᠨ᠎ᠡ᠃ ᠪᠠᠯᠭᠠᠰᠤᠨ ᠤ ᠨᠠᠮ ᠤᠨ ᠬᠤᠷᠢᠶ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠥᠬᠦ ᠪᠠᠯᠭᠠᠰᠤᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠲᠤᠰᠬᠠᠶ | ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠡᠯ᠎ᠡ ᠲᠣᠰᠬᠤᠨ ᠤ ᠭᠠᠵᠠᠷ ᠵᠦᠶ ᠶᠢᠨ ᠣᠷᠣᠨ | ᠪᠠᠶᠢᠷᠢ ᠵᠢᠴᠢ ᠣᠷᠣᠨ ᠪᠦᠰᠡ ᠶᠢᠨ ᠰᠢᠨᠵᠢ ᠴᠢᠨᠠᠷ ᠢ ᠦᠨᠳᠦᠰᠦᠯᠡᠨ᠂ ᠡᠯ᠎ᠡ ᠲᠣᠰᠬᠤᠨ ᠢ ᠣᠷᠴᠢᠨ ᠲᠣᠭᠤᠷᠢᠨ ᠤ | ᠠᠷᠢᠭᠤᠨ ᠴᠡᠪᠡᠷ ᠢ ᠴᠡᠭᠴᠡᠯᠡᠨ ᠵᠠᠰᠠᠬᠤ ᠲᠥᠯᠥᠪᠯᠡᠭᠡ ᠵᠢᠴᠢ ᠲᠥᠰᠦᠯ ᠲᠣᠭᠲᠠᠭᠠᠵᠤ᠂ ᠠᠵᠢᠯ ᠤᠨ | ᠬᠠᠷᠢᠭᠤᠴᠠᠯᠭ᠎ᠠ ᠪᠠᠨ ᠨᠠᠷᠢᠯᠢᠬᠵᠢᠭᠤᠯᠤᠨ᠂ ᠪᠣᠳᠠᠲᠠᠶ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠰᠤᠯᠠᠷᠠᠭᠤᠯᠬᠤ ᠥᠬᠡᠶ᠂ ᠬᠤᠶᠢᠷᠭᠤᠰᠢᠬᠤ ᠥᠬᠡᠶ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠤᠶᠤᠨ ᠤ ᠪᠣᠯᠪᠠᠰᠤᠨ ᠤ ᠪᠠᠶᠢᠭᠤᠯᠤᠯᠲᠠ ᠪᠠᠷ ᠭᠠᠷᠳᠠᠴᠠ ᠪᠣᠯᠭᠠᠬᠤ ᠶᠢ | ᠪᠠᠷᠢᠮᠲᠠᠯᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠡᠯ᠎ᠡ | ᠲᠣᠰᠬᠤᠨ ᠢ ᠵᠣᠬᠢᠶᠠᠨ ᠪᠠᠶᠢᠭᠤᠯᠤᠨ ᠰᠠᠭᠰᠤᠨ ᠪᠥᠮᠪᠦᠭᠡ ᠶᠢᠨ ᠤᠷᠤᠯᠳᠤᠭᠠᠨ᠂ ᠠᠭᠤᠳᠠᠮ ᠲᠠᠯᠠᠪᠠᠢ ᠶᠢᠨ | ᠪᠥᠵᠢᠭ ᠤᠨ ᠤᠷᠤᠯᠳᠤᠭᠠᠨ᠂ ᠬᠤᠪᠢᠰᠬᠠᠯᠲᠦ ᠳᠠᠭᠤᠤ ᠶᠢᠨ ᠤᠷᠤᠯᠳᠤᠭᠠᠨ ᠵᠡᠷᠭᠡ ᠤᠯᠠᠨ ᠲᠦᠮᠡᠨᠴᠢ ᠴᠢᠨᠠᠷᠲᠠᠢ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠰᠣᠶᠣᠯ ᠤᠨ | ᠬᠡᠷᠡᠭᠴᠡᠭᠡ ᠶᠢ ᠬᠠᠩᠭᠠᠬᠤ ᠶᠢᠨ ᠬᠠᠮᠲᠤ ᠪᠠᠰᠠ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠪᠠ᠃ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠲᠦᠰᠢᠭᠯᠡᠨ᠂ ᠨᠠᠮ ᠤᠨ ᠭᠡᠰᠢᠭᠦᠨ ᠤ | ᠠᠵᠢᠯᠯᠠᠭ᠎ᠠ ᠶᠢᠨ ᠦᠷᠦᠭᠡ᠂ ᠲᠠᠯ᠎ᠠ ᠨᠤᠲᠤᠭ ᠤᠨ ᠨᠣᠮ ᠤᠨ ᠦᠷᠦᠭᠡ ᠪᠠᠷ ᠠᠴᠢᠶᠠᠯᠠᠪᠤᠷᠢ ᠪᠣᠯᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ︽ᠶᠣᠰᠣ ᠰᠤᠷᠲᠠᠬᠤᠨ ᠤ ᠵᠢᠱᠢᠶᠡᠴᠢ︾᠂ ︽ᠳᠡᠷᠭᠡᠳᠡᠬᠢ ᠰᠠᠶᠢᠨ ᠬᠥᠮᠦᠨ︾ ᠢ | ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠬᠡᠪ ᠵᠠᠩᠰᠢᠯ ᠢ ᠥᠭᠡᠷᠡᠴᠢᠯᠡᠬᠦ᠂ ᠨᠠᠰᠤᠲᠠᠨ ᠢᠶᠠᠨ | ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠬᠦ ᠵᠡᠷᠭᠡ ᠲᠡᠷᠢᠭᠦᠨ ᠤ | ᠨᠡᠶᠢᠲᠡᠯᠢᠭ ᠠᠵᠢᠯᠯᠠᠭ᠎ᠠ ᠶᠢ ᠰᠣᠩᠭᠤᠨ ᠤᠬᠠᠭᠤᠯᠵᠤ᠂ ᠲᠣᠰᠬᠤᠨ ᠤ ᠠᠷᠠᠳ ᠤᠨ ᠶᠣᠰᠣ ᠰᠤᠷᠲᠠᠬᠤᠨ ᠢᠶᠠᠷ | ᠪᠡᠶ᠎ᠡ ᠪᠠᠨ ᠪᠠᠷᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠲᠣᠰᠬᠤᠨ ᠤ ᠠᠷᠠᠳ ᠢ ᠬᠦᠳᠦᠯᠦᠨ | ᠵᠢᠯᠣᠭᠤᠳᠴᠤ ᠪᠠᠶᠢᠭᠠᠳ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ᠂ | ᠡᠷᠳᠡᠮᠲᠡᠨ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ | ᠣᠳᠣᠬᠠᠨ ᠪᠣᠯᠲᠠᠯ᠎ᠠ᠂ ᠪᠥᠬᠦ ᠪᠠᠯᠭᠠᠰᠤ ᠪᠠᠷ ᠢᠶᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠥᠪᠯᠡᠷᠡᠭᠦᠯᠦᠨ | 10 ᠭᠠᠷᠤᠶ ᠤᠳᠠᠭ᠎ᠠ ᠴᠡᠭᠴᠡᠯᠡᠨ ᠵᠠᠰᠠᠵᠤ᠂ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ 5 ᠲᠠᠯᠠᠪᠤᠷ | ᠥᠷᠨᠢᠭᠦᠯᠵᠦ᠂ ᠨᠡᠶᠢᠲᠡ 30 ᠭᠠᠷᠤᠶ ᠬᠥᠮᠦᠨ ᠢ ᠬᠥᠬᠢᠭᠦᠯᠦᠨ ᠰᠠᠶᠢᠰᠢᠶᠠᠪᠠ᠃ | | | | |