| ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠬᠦ ︽ᠵᠣᠷᠢᠭᠵᠢᠭᠤᠯᠤᠯ︾ ᠢ ᠴᠤᠤᠷᠢᠶᠠᠲᠤᠭᠤᠯᠪᠠ᠃ ᠨᠠᠮ ᠤᠨ ᠰᠤᠷᠲᠠᠯ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠠᠵᠢᠯ ᠢ ᠭᠤᠣᠯ ᠠᠵᠢᠯ ᠪᠤᠯᠭᠠᠨ᠂ ᠨᠢᠭᠡᠳᠦᠮᠡᠯ ᠹᠷᠣᠨᠲ ᠤᠨ ᠲᠤᠬᠠᠶᠢᠯᠠᠭᠰᠠᠨ | ᠠᠵᠢᠯ ᠲᠠᠢ ᠨᠢᠭᠲᠠ ᠤᠶᠠᠯᠳᠤᠭᠤᠯᠤᠨ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠳᠤᠨᠢ | ᠨᠠᠶᠢᠳᠠᠪᠤᠷᠢᠵᠢᠭᠤᠯᠵᠤ᠂ ᠬᠠᠮᠲᠤ ᠳᠤᠨᠢ ᠲᠦᠯᠬᠢᠨ ᠠᠬᠢᠭᠤᠯᠬᠤ ᠶᠢ ᠪᠠᠷᠢᠮᠲᠠᠯᠠᠨ᠎ᠠ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠣᠨ ᠤ ᠭᠤᠤᠯᠳᠠᠯᠭ᠎ᠠ ᠲᠠᠢ ᠠᠵᠢᠯ ᠳᠤ ᠣᠷᠣᠭᠤᠯᠵᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠵᠤ᠂ ᠠᠵᠤ ᠠᠬᠤᠶᠢᠯᠠᠯ ᠳᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ᠵᠠᠰᠠᠭ ᠠᠵᠤ ᠠᠬᠤᠶᠢᠯᠠᠯ ᠤᠨ ᠬᠠᠷᠢᠴᠠᠭ᠎ᠠ ᠵᠡᠷᠭᠡ ᠲᠠᠯ᠎ᠠ ᠪᠠᠷ ᠭᠤᠤᠯᠯᠠᠭᠤᠯᠤᠨ ᠡᠳᠦᠷ | ᠲᠤᠲᠤᠮ ᠤᠨ ᠬᠢᠨᠠᠯᠲᠠ ᠶᠢ ᠭᠦᠨᠵᠡᠭᠡᠶ ᠨᠠᠷᠢᠯᠢᠭ ᠬᠢᠵᠦ᠂ ᠨᠠᠩ ᠥᠨᠳᠥᠷ ᠵᠣᠭᠰᠣᠴᠠ ᠪᠠᠷ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠡᠷᠡᠰ ᠭᠤᠶᠢᠪᠢᠰᠢ ᠥᠬᠡᠶ ᠪᠠᠷ ᠭᠦᠨᠵᠡᠭᠡᠶᠢᠷᠡᠭᠦᠯᠦᠨ ᠠᠬᠢᠭᠤᠯᠤᠨ᠎ᠠ᠃ | ᠬᠤᠶᠠᠷ ᠲᠤ᠂ ᠡᠬᠢ ᠪᠠᠶᠠᠯᠢᠭ ᠢ ᠬᠠᠮᠲᠤᠪᠠᠷ ᠬᠤᠪᠢᠶᠠᠯᠴᠠᠬᠤ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ︽ᠬᠦᠴᠢᠷᠳᠡᠯ︾ ᠢ ᠠᠷᠢᠯᠭᠠᠪᠠ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠶᠢᠨ ᠠᠵᠢᠯ ᠤᠨ ᠲᠥᠰᠦᠯ ᠢ ᠲᠣᠭᠲᠠᠭᠠᠨ | ᠨᠠᠶᠢᠳᠠᠪᠤᠷᠢᠵᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ︽ᠲᠦᠮᠡᠨ ᠠᠵᠤ ᠠᠬᠤᠶᠢᠯᠠᠯ | ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠳᠥᠯᠭᠢᠨ ᠠᠬᠢᠭᠤᠯᠵᠤ᠂ ᠠᠵᠤ ᠦᠢᠯᠡᠰ ᠤᠨ | ᠵᠢᠯᠣᠭᠤᠳᠣᠯᠭ᠎ᠠ᠂ ᠮᠡᠷᠭᠡᠵᠢᠯ ᠤᠨ ᠪᠣᠯᠪᠠᠰᠤᠷᠠᠯ᠂ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠠᠵᠢᠯᠯᠠᠭ᠎ᠠ ᠶᠢ | ᠥᠷᠨᠢᠭᠦᠯᠵᠦ᠂ ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭᠠᠨ ᠤ ︽ᠰᠡᠳᠬᠢᠯ ᠤᠨ ᠬᠥᠭᠦᠷᠭᠡ︾ ᠶᠢ | ᠪᠠᠶᠢᠭᠤᠯᠵᠤ᠂ ᠨᠡᠶᠢᠲᠡ 4 ᠠᠵᠤ ᠠᠬᠤᠶᠢᠯᠠᠯ 4 ᠲᠣᠰᠬᠤᠨ ᠢ ᠬᠤᠤᠰᠯᠠᠨ ᠬᠠᠪᠰᠤᠷᠤᠨ ᠲᠡᠳᠬᠦᠪᠡ᠃ ᠨᠢᠩᠴᠧᠩ | ᠰᠢᠶᠠᠨ ᠤ ᠢᠦᠢ ᠰᠢᠤ ᠰᠢᠦᠸᠠᠨ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠺᠣᠮᠫᠠᠨᠢ ᠨᠢ ᠬᠤᠤᠰᠯᠠᠨ ᠳᠡᠳᠬᠦᠬᠦ | ᠲᠢᠶᠠᠨ ᠢ ᠪᠠᠯᠭᠠᠰᠤᠨ ᠤ ᠨᠠᠨ ᠴᠧᠩ ᠲᠣᠰᠬᠤᠨ ᠤ ᠠᠷᠠᠳ ᠲᠤ 5 ᠤᠳᠠᠭ᠎ᠠ ᠲᠤᠬᠠᠶ ᠶᠢᠨ ᠲᠠᠯᠠᠪᠤᠷ ᠤᠨ | ᠮᠡᠷᠭᠡᠵᠢᠯ ᠤᠨ ᠪᠣᠯᠪᠠᠰᠤᠷᠠᠯ ᠬᠠᠩᠭᠠᠵᠤ᠂ ᠣᠶᠣᠳᠠᠯ ᠤᠨ ᠮᠠᠰᠢᠨ ᠬᠠᠨᠳᠢᠪᠯᠠᠪᠠ᠃ ᠨᠢᠩᠴᠧᠩ ᠰᠢᠶᠠᠨ ᠤ ᠬᠤᠩ | ᠶᠤᠸᠠᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ 300 | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠤ ᠠᠯᠪᠠᠨ ᠠᠰᠠᠷ ᠢ ᠵᠠᠰᠠᠨ ᠴᠢᠮᠡᠭᠯᠡᠬᠦ ᠠᠵᠢᠯ ᠢ | ᠪᠡᠶᠡᠯᠡᠭᠦᠯᠵᠦ᠂ ᠤᠳᠤ ᠪᠣᠯᠲᠠᠯ᠎ᠠ ᠨᠡᠶᠢᠲᠡ 305 ᠲᠦᠮᠡᠨ ᠲᠥᠭᠦᠷᠢᠭ ᠤᠨ ᠪᠡᠯᠡ ᠣᠷᠣᠭᠤᠯᠵᠤ᠂ 10448 | ᠬᠥᠮᠦᠨ ᠳᠤ ᠠᠰᠢᠭ ᠬᠦᠷᠲᠡᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ | ᠡᠷᠭᠦᠪᠡ᠃ | ᠭᠤᠷᠪᠠ ᠳᠤ᠂ ᠦᠷᠳᠡᠭ ᠢᠶᠠᠷ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ︽ᠬᠢᠯᠠᠰ ᠴᠡᠭ︾ ᠢ ᠴᠣᠭᠴᠠᠯᠠᠨ᠎ᠠ᠃ ︽ᠲᠦᠮᠡᠨ ᠠᠵᠤ ᠠᠬᠤᠶᠢᠯᠠᠯ ᠲᠦᠮᠡᠨ | ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠢ ᠨᠡᠶᠢᠭᠡᠮ ᠤᠨ ᠦᠢᠯᠡᠴᠢᠯᠡᠭᠡ ᠳᠤ ᠢᠳᠡᠪᠬᠢᠲᠡᠶ ᠣᠷᠣᠯᠴᠠᠭᠤᠯᠬᠤ ᠪᠠᠷ ᠵᠣᠷᠢᠭᠵᠢᠭᠤᠯᠵᠤ᠂ 2024 | ᠣᠨ ᠠᠴᠠ ᠨᠠᠰᠢ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠵᠤ᠂ | ᠬᠥᠳᠡᠯᠮᠦᠷᠢᠴᠢᠳ ᠲᠤ ᠬᠦᠨᠳᠦᠳᠬᠡᠯ ᠳᠡᠪᠰᠢᠭᠦᠯᠬᠦ︾ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠭᠠᠨ ᠬᠥᠮᠦᠵᠢᠯ ᠳᠤ | ᠬᠦᠴᠦᠨ ᠨᠡᠮᠡᠷᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠲᠠᠯ᠎ᠠ ᠪᠠᠷ ᠨᠡᠶᠢᠲᠡ 29 ᠲᠦᠮᠡᠨ | ᠲᠥᠭᠦᠷᠢᠭ ᠤᠨ ᠥᠷᠲᠡᠭ ᠪᠥᠬᠦᠶ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠰᠢᠨ᠎ᠡ ᠴᠠᠭ ᠦᠶ᠎ᠡ ᠶᠢᠨ | ᠨᠢᠩᠴᠧᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠴᠤᠭ ᠵᠢᠪᠬᠤᠭ᠎ᠠ ᠶᠢ ᠢᠯᠡᠷᠡᠭᠦᠯᠪᠡ᠃ |