| ᠨᠢᠩᠴᠧᠩ ᠰᠢᠶᠠᠨ ᠲᠣᠰ ᠭᠠᠵᠠᠷ ᠤᠨ ᠲᠠᠷᠢᠶᠠᠯᠠᠩ ᠤᠨ ᠦᠢᠯᠡᠳᠪᠦᠷᠢᠯᠡᠯ ᠤᠨ ᠪᠣᠳᠠᠲᠤ ᠪᠠᠶᠢᠳᠠᠯ ᠳᠤ ᠪᠠᠨ | ᠲᠦᠰᠢᠭᠯᠡᠨ᠂ ᠲᠠᠷᠢᠶᠠᠴᠢᠨ ᠡᠷᠦᠬᠡ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠲᠠᠷᠢᠮᠠᠯ ᠤᠨ | ᠪᠦᠲᠦᠴᠡ ᠶᠢ ᠳᠣᠭᠢᠷᠠᠭᠤᠯᠤᠨ᠂ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠠᠵᠤ | ᠠᠬᠤᠶᠢᠯᠠᠯ ᠲᠠᠷᠢᠶᠠᠯᠠᠩ ᠤᠨ ᠬᠠᠮᠲᠤᠷᠠᠯᠴᠠᠭᠠᠨ ᠤ ᠵᠠᠭᠪᠤᠷ ᠢ ᠪᠣᠶ ᠪᠣᠯᠭᠠᠵᠤ᠂ ᠲᠣᠭᠲᠠᠭᠤᠨ ᠪᠥᠭᠡᠳ ᠥᠨᠳᠥᠷ | ᠪᠦᠲᠦᠮᠵᠢᠲᠡᠶ ᠡᠷᠳᠡᠨᠢ ᠰᠢᠰᠢ ᠶᠢᠨ ᠦᠷ᠎ᠡ ᠪᠤᠶᠢᠵᠢᠭᠤᠯᠬᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠪᠥᠬᠦ | ᠰᠢᠶᠠᠨ ᠤ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠳᠤ ᠪᠦᠲᠦᠮᠵᠢᠲᠡᠶ ᠬᠦᠴᠦᠨ ᠨᠡᠮᠡᠷᠢᠯᠡᠵᠦ᠂ | ᠲᠠᠷᠢᠶᠠᠯᠠᠩ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠮᠠᠩᠨᠤᠳ ᠪᠠᠯᠭᠠᠰᠤᠨ ᠳᠤ ᠦᠷ᠎ᠡ | ᠪᠤᠶᠢᠵᠢᠭᠤᠯᠬᠤ ᠺᠣᠮᠫᠠᠨᠢ ᠨᠢ ᠲᠠᠷᠢᠶᠠᠴᠢᠨ ᠡᠷᠦᠬᠡ ᠲᠠᠢ 2300 ᠭᠠᠷᠤᠢ ᠮᠦ ᠡᠷᠳᠡᠨᠢ ᠰᠢᠰᠢ ᠶᠢ ᠦᠷ᠎ᠡ | ᠪᠤᠶᠢᠵᠢᠭᠤᠯᠬᠤ ᠭᠡᠷ᠎ᠡ ᠲᠣᠭᠲᠠᠵᠤ᠂ ᠲᠠᠷᠢᠶᠠᠴᠢᠨ ᠡᠷᠦᠬᠡ ᠪᠣᠯᠤᠨ ᠠᠵᠤ ᠠᠬᠤᠶᠢᠯᠠᠯ ︽ᠲᠦᠭᠰᠢᠭᠦᠷᠢ ᠶᠢ ᠬᠠᠮᠲᠤᠪᠠᠷ | ᠡᠭᠦᠷᠭᠡᠯᠡᠵᠦ᠂ ᠠᠰᠢᠭ ᠲᠤᠰᠠ ᠶᠢ ᠬᠠᠮᠲᠤᠪᠠᠷ ᠡᠳ᠋ᠯᠡᠬᠦ︾ ᠠᠰᠢᠭ ᠲᠤᠰᠠ ᠶᠢᠨ ᠬᠠᠮᠲᠤ ᠶᠢᠨ ᠴᠣᠭᠴᠠ ᠶᠢ | ᠪᠦᠷᠢᠯᠳᠦᠭᠦᠯᠵᠦ᠂ ᠦᠷ᠎ᠡ ᠪᠤᠶᠢᠵᠢᠭᠤᠯᠬᠤ ᠠᠵᠤ ᠠᠬᠤᠶᠢᠯᠠᠯ ᠠᠴᠠ ᠲᠠᠷᠢᠶᠠᠴᠢᠨ ᠡᠷᠦᠬᠡ ᠳᠤ ᠦᠷ᠎ᠡ᠂ ᠬᠢᠮᠢ ᠶᠢᠨ | ᠪᠤᠷᠳᠤᠭᠤᠷ᠂ ᠮᠡᠷᠭᠡᠵᠢᠯ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢ ᠬᠠᠩᠭᠠᠵᠤ᠂ ᠲᠠᠷᠢᠶᠠᠴᠢᠨ ᠡᠷᠦᠬᠡ ᠠᠴᠠ | ᠲᠠᠷᠢᠮᠠᠯ ᠤᠨ ᠬᠠᠮᠢᠶᠠᠷᠤᠯᠲᠠ ᠶᠢ ᠬᠠᠷᠢᠭᠤᠴᠠᠵᠤ᠂ ᠰᠢᠰᠢ ᠪᠤᠯᠪᠠᠰᠤᠷᠠᠬᠰᠠᠨ ᠤ ᠳᠠᠷᠠᠭ᠎ᠠ ᠠᠵᠤ ᠠᠬᠤᠶᠢᠯᠠᠯ ᠠᠴᠠ | ᠰᠠᠭᠤᠷᠢ ᠶᠢ ᠪᠠᠲᠤᠯᠠᠬᠤ ᠦᠨ᠎ᠡ ᠪᠠᠷ ᠬᠤᠳᠠᠯᠳᠤᠨ ᠠᠪᠴᠤ᠂ ᠲᠠᠷᠢᠶᠠᠴᠢᠨ ᠡᠷᠦᠬᠡ ᠶᠢᠨ ᠲᠠᠷᠢᠮᠠᠯ ᠤᠨ ᠲᠦᠭᠰᠢᠭᠦᠷᠢ ᠶᠢ | ᠪᠦᠲᠦᠮᠵᠢᠲᠡᠢ ᠪᠠᠭᠤᠷᠠᠭᠤᠯᠵᠤ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠢᠲᠡᠭᠡᠯ ᠢ ᠨᠡᠮᠡᠭᠳᠡᠭᠦᠯᠪᠡ᠃ |