| ᠡᠯ᠎ᠡ ᠭᠠᠵᠠᠷ ᠲᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠢᠯᠡᠷᠡᠭᠰᠡᠨ ᠪᠠᠶᠢᠳᠠᠯ ᠢ | ᠦᠨᠳᠦᠰᠦᠯᠡᠨ᠂ ᠬᠡᠰᠡᠭ ᠭᠠᠵᠠᠷ ᠣᠷᠣᠨ ᠳᠤ ᠬᠥᠮᠦᠨ ᠮᠠᠯ ᠤᠨ ᠤᠤᠭᠤᠬᠤ ᠤᠰᠤᠨ ᠤ ᠬᠤᠳᠳᠤᠭ ᠠᠴᠠ ᠭᠠᠷᠬᠤ | ᠤᠰᠤᠨ ᠤ ᠬᠡᠮᠵᠢᠶ᠎ᠡ ᠬᠦᠷᠦᠯᠴᠡᠬᠦ ᠦᠭᠡᠶ᠂ ᠬᠦᠨᠳᠦ ᠨᠣᠴᠢᠲᠠᠶ ᠭᠠᠵᠠᠷ ᠣᠷᠣᠨ ᠳᠤ ᠬᠥᠮᠦᠨ ᠠᠮᠠ ᠶᠢᠨ ᠤᠤᠭᠤᠬᠤ | ᠤᠰᠤ ᠶᠢᠨ ᠬᠠᠩᠭᠠᠯᠲᠠ ᠬᠦᠴᠢᠷ ᠪᠠᠶᠢᠳᠠᠯ ᠢᠯᠡᠷᠡᠪᠡ᠃ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ | ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠬᠦ ᠶᠢᠨ ᠬᠠᠮᠲᠤ ᠳᠡᠭᠡᠳᠦ ᠱᠠᠲᠤᠨ ᠤ ᠪᠠᠯᠠ ᠮᠥᠩᠭᠦ ᠶᠢᠨ | ᠳᠡᠮᠵᠢᠯᠭᠡ ᠶᠢ ᠢᠳᠡᠪᠬᠢᠲᠡᠶ ᠣᠯᠪᠠ᠃ ᠨᠢᠭᠡ ᠳᠤ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠰᠡᠯᠪᠢᠨ ᠵᠠᠰᠠᠵᠤ | ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ ᠠᠰᠢᠭᠯᠠᠨ᠂ ᠪᠠᠷᠬᠠᠨ ᠪᠠᠯᠭᠠᠰᠤ᠂ ᠮᠠᠩᠨᠤᠳ ᠪᠠᠯᠭᠠᠰᠤ᠂ | ᠰᠣᠩᠭᠢᠨ᠎ᠠ ᠶᠢᠨ ᠭᠤᠤ ᠰᠢᠶᠠᠩ᠂ ᠭᠤᠷᠪᠠᠨ ᠣᠪᠣᠭ᠎ᠠ ᠪᠠᠯᠭᠠᠰᠤ᠂ ᠰᠢᠽᠢ ᠪᠠᠯᠭᠠᠰᠤ ᠵᠡᠷᠭᠡ 15 ᠪᠠᠯᠭᠠᠰᠤ | ᠰᠢᠶᠠᠩ ᠤᠨ 51 ᠲᠣᠰᠬᠤᠨ ᠤ ᠤᠤᠯ ᠤᠨ ᠤᠰᠤ ᠬᠠᠩᠭᠠᠬᠤ ᠢᠨᠵᠧᠨᠧᠷᠢᠩ ᠳᠤ ᠲᠣᠨᠤᠭ ᠲᠥᠬᠦᠭᠡᠷᠦᠮᠵᠢ ᠶᠢ | ᠰᠢᠨᠡᠳᠭᠡᠨ ᠰᠡᠯᠪᠢᠨ ᠵᠠᠰᠠᠵᠤ᠂ 13173 ᠡᠷᠦᠬᠡ᠂ 45633 ᠬᠦᠮᠦᠨ ᠤ ᠣᠣᠭᠤᠬᠤ ᠣᠰᠣᠨ ᠤ ᠠᠰᠠᠭᠤᠳᠠᠯ ᠢ | ᠰᠢᠢᠳᠪᠤᠷᠢᠯᠡᠪᠡ᠃ ᠬᠤᠶᠠᠷ ᠲᠤ 2024 ᠣᠨ ᠤ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ 501 ᠲᠦᠮᠡᠨ ᠲᠥᠭᠦᠷᠢᠭ ᠴᠢᠷᠮᠠᠶᠢᠨ ᠣᠯᠵᠤ | ᠂ ᠲᠥᠷᠥᠯ ᠵᠦᠢᠯ ᠢ ᠬᠡᠷᠡᠭᠵᠢᠭᠦᠯᠵᠦ ᠳᠠᠭᠤᠰᠬᠠᠪᠠᠯ᠂ ᠭᠡᠭᠡᠨ ᠬᠤᠲᠠ ᠪᠠᠯᠭᠠᠰᠤ᠂ ᠰᠢᠽᠢ ᠪᠠᠯᠭᠠᠰᠤ ᠵᠡᠷᠭᠡ 5 | ᠪᠠᠯᠭᠠᠰᠤ ᠶᠢᠨ 6 ᠲᠣᠰᠬᠤᠨ 843 ᠡᠷᠦᠬᠡ ᠶᠢᠨ 2685 ᠬᠥᠮᠦᠨ ᠠᠮᠠ ᠶᠢᠨ ᠤᠤᠭᠤᠬᠤ ᠤᠰᠤᠨ ᠤ ᠠᠮᠤᠷ | ᠲᠦᠪᠰᠢᠨ ᠤ ᠠᠰᠠᠭᠤᠳᠠᠯ ᠢ ᠰᠢᠢᠳᠪᠤᠷᠢᠯᠡᠨ᠎ᠠ᠂ ᠣᠳᠣᠬᠠᠨ ᠳᠤ ᠶᠠᠭ ᠳᠠᠭᠠᠭᠠᠴᠢᠯᠠᠯᠲᠠ ᠵᠠᠷᠯᠠᠵᠤ ᠪᠠᠶᠢᠨ᠎ᠠ᠃ | ᠭᠤᠷᠪᠠ ᠳᠤ᠂ ᠡᠯ᠎ᠡ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠴᠢᠭᠯᠡᠭᠦᠯᠦᠨ᠂ ᠮᠡᠷᠭᠡᠵᠢᠯ ᠤᠨ ᠠᠵᠢᠯᠲᠠᠨ ᠢ | ᠵᠣᠬᠢᠶᠠᠨ ᠪᠠᠶᠢᠭᠤᠯᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠤᠷᠢᠳᠴᠢᠯᠠᠨ ᠬᠢᠬᠦ ᠶᠢᠨ ᠬᠠᠮᠲᠤ ᠳᠡᠭᠡᠳᠦ | ᠱᠠᠲᠤᠨ ᠠᠴᠠ ᠲᠣᠰ ᠵᠢᠯ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠶᠢ | ᠭᠤᠶᠤᠴᠢᠯᠠᠵᠤ᠂ ᠪᠡᠯᠡ ᠮᠥᠩᠭᠦ ᠶᠢ ᠪᠣᠳᠠᠲᠠᠶᠢᠵᠢᠭᠤᠯᠵᠤ ᠪᠠᠶᠢᠭᠠᠳ ᠳᠠᠷᠦ᠋ᠢᠬᠠᠨ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠯᠠᠨ ᠲᠦᠮᠡᠨ ᠤ ᠤᠤᠭᠤᠬᠤ ᠤᠰᠤ ᠬᠦᠴᠢᠷ ᠠᠰᠠᠭᠤᠳᠠᠯ ᠢ ᠲᠦᠷᠭᠡᠬᠡᠨ ᠰᠢᠢᠳᠪᠦᠷᠢᠯᠡᠪᠡ᠃ | |