| ᠨᠢᠭᠡ ᠳᠤ᠂ ᠰᠣᠶᠣᠯ ᠢᠶᠠᠷ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷ | ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ᠃ ᠬᠤᠷᠬᠤᠭ ᠪᠠᠯᠭᠠᠰᠤ ᠵᠢᠭᠤᠯᠴᠢᠯᠠᠯ ᠤᠨ ᠵᠢᠵᠢᠭ ᠪᠠᠯᠭᠠᠰᠤᠨ ᠤ | ᠰᠣᠶᠣᠯ ᠤᠨ ᠠᠭᠤᠯᠬᠤᠨ ᠢ ᠲᠠᠰᠤᠷᠠᠯᠲᠠ ᠦᠭᠡᠢ ᠵᠤᠵᠠᠭᠠᠳᠬᠠᠵᠤ᠂ 1000 ᠭᠠᠷᠤᠢ ᠲᠡᠭᠰᠢ ᠳᠥᠷᠪᠡᠯᠵᠢᠨ ᠮᠧᠲᠷ | ᠤᠨ ᠹᠠᠨ ᠵᠠᠩᠽᠢ ᠶᠢᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠪᠠᠶᠢᠭᠤᠯᠤᠯᠲᠠ | ᠨᠢᠭᠡᠨᠲᠡ ᠰᠢᠪᠲᠤᠷᠭᠠᠨ ᠳᠠᠭᠠᠨ ᠣᠷᠣᠵᠤ᠂ ᠳᠡᠯᠭᠡᠨ ᠦᠵᠡᠭᠦᠯᠬᠦ ᠣᠷᠳᠣᠨ ᠪᠣᠯᠤᠨ ᠮᠡᠳᠡᠭᠦᠯᠦᠯᠲᠡ ᠶᠢᠨ ᠲᠢᠩᠬᠢᠮ | ᠨᠢᠭᠡᠨᠲᠡ ᠠᠰᠢᠭᠯᠠᠯᠲᠠ ᠳᠤ ᠣᠷᠣᠪᠠ᠃ ᠹᠠᠨ ᠵᠠᠩᠽᠢ ᠶᠢᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ | ᠬᠦᠷᠢᠶᠡᠯᠡᠩ ᠢ ᠳᠡᠭᠡᠭᠰᠢᠯᠡᠭᠦᠯᠬᠦ ᠲᠦᠷᠦᠯ ᠵᠦᠢᠯ ᠢ ᠶᠠᠭ ᠪᠠᠶᠢᠭᠤᠯᠵᠤ ᠪᠠᠶᠢᠨ᠎ᠠ᠂ 10 ᠰᠠᠷ᠎ᠠ ᠳᠤ ᠪᠦᠬᠦᠨ ᠢ | ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ | ᠬᠤᠶᠠᠷ ᠲᠤ᠂ ᠲᠦᠷᠦᠯ ᠵᠦᠢᠯ ᠢᠶᠠᠷ ᠲᠠᠶᠢᠴᠢᠯᠠᠵᠦ᠂ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠤᠨ᠎ᠠ᠃ ᠣᠶᠢᠷ᠎ᠠ ᠶᠢᠨ ᠵᠢᠯ ᠳᠤ᠂ | ᠵᠢᠭᠤᠯᠴᠢᠯᠠᠯ ᠤᠨ ᠠᠵᠤ ᠦᠢᠯᠡᠰ ᠤᠨ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠵᠦ᠂ | ᠲᠥᠷᠥᠯ ᠵᠤᠶᠢᠯ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠵᠢᠭᠤᠯᠴᠢᠯᠠᠯ ᠤᠨ ᠠᠵᠤ ᠦᠢᠯᠡᠰ ᠤᠨ | ᠡᠯ᠎ᠡ ᠵᠤᠶᠢᠯ ᠤᠨ ᠠᠵᠢᠯ ᠢ ᠡᠮᠬᠢ ᠵᠢᠷᠤᠮ ᠲᠠᠢ ᠥᠷᠨᠢᠭᠦᠯᠪᠡ᠃ 2024 ᠣᠨ ᠳᠤ 2600 ᠲᠦᠮᠡᠨ | ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠵᠤ ᠰᠦᠩ ᠹᠧᠩ ᠱᠠᠨ ᠲᠣᠰᠬᠤᠨ ᠢ ᠲᠡᠰ ᠳᠡᠪᠰᠢᠭᠦᠯᠪᠡ᠃ | 1000 ᠲᠦᠮᠡᠨ ᠲᠥᠭᠦᠷᠢᠭ ᠤᠨ ᠪᠡᠯᠡ ᠣᠷᠣᠭᠤᠯᠵᠤ ᠳ᠋ᠠ ᠬᠡᠦ ᠱᠢ ᠠᠷᠠᠳ ᠤᠨ ᠣᠷᠣᠨ ᠰᠠᠭᠤᠴᠠ ᠶᠢ ᠲᠡᠰ | ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠦᠷᠭᠦᠯᠵᠢᠯᠡᠨ ᠪᠠᠶᠢᠭᠤᠯᠤᠨ᠎ᠠ᠃ ᠲᠥᠷᠥᠯ ᠵᠦᠢᠯ ᠤᠨ | ᠪᠠᠶᠢᠭᠤᠯᠤᠯᠲᠠ ᠨᠢ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ | ᠬᠥᠭᠵᠢᠯᠲᠡ ᠶᠢᠨ ᠬᠤᠷᠳᠤᠴᠠ ᠶᠢ ᠳᠡᠭᠡᠭᠰᠢᠯᠡᠭᠦᠯᠦᠨ ᠳᠠᠪᠠᠯᠲᠠ ᠶᠢ ᠠᠬᠢᠭᠤᠯᠤᠨ᠎ᠠ᠃ | ᠭᠤᠷᠪᠠ ᠳᠤ᠂ ᠪᠣᠬᠢᠷᠲᠤᠯ ᠦᠭᠡᠢ ᠠᠮᠢ ᠠᠬᠤᠢ ᠨᠢ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠪᠠᠲᠤ ᠪᠠᠬᠢ ᠭᠠᠷᠠᠮ ᠪᠤᠯᠤᠨ᠎ᠠ᠃ ᠬᠤᠷᠬᠤᠭ ᠪᠠᠯᠭᠠᠰᠤ ︽ᠶᠡᠭᠡ ᠪᠠᠷ ᠬᠠᠮᠠᠭᠠᠯᠠᠬᠤ ᠶᠢ ᠬᠠᠮᠲᠤ ᠪᠠᠷ | ᠠᠳᠬᠤᠵᠤ᠂ ᠶᠡᠭᠡ ᠪᠠᠷ ᠨᠡᠭᠡᠭᠡᠨ ᠬᠥᠭᠵᠢᠭᠦᠯᠬᠦ ᠥᠬᠡᠶ︾ ᠠᠵᠢᠯᠯᠠᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠪᠣᠬᠢᠷᠲᠤᠯ | ᠥᠬᠡᠶ ᠠᠮᠢ ᠠᠬᠤᠶ ᠶᠢ ᠬᠥᠭᠵᠢᠯᠲᠡ ᠶᠢ ᠴᠢᠬᠤᠯᠠ ᠰᠡᠳᠦᠪ ᠪᠣᠯᠭᠠᠪᠠ᠃ 2024 ᠣᠨ ᠳᠤ᠂ ᠫᠧᠨ ᠳ᠋ᠢ ᠭᠧᠦ | ᠲᠣᠰᠬᠤᠨ ᠠᠴᠠ ᠳ᠋ᠠ ᠪᠠ ᠭᠸᠦ ᠬᠦᠷᠬᠦ 505 ᠵᠠᠮ ᠳᠠᠭᠠᠤ 40 ᠺᠢᠯᠣᠮᠧᠲᠷ ᠴᠡᠴᠡᠭ ᠡᠪᠡᠰᠦ ᠳᠠᠷᠢᠪᠠ᠃ ᠲᠣᠭᠲᠠᠮᠠᠯ | ᠬᠤᠭᠤᠴᠠᠭ᠎ᠠ ᠲᠠᠢ ᠪᠠᠷ ᠭᠤᠣᠯ ᠤᠨ ᠬᠡᠪᠡᠯᠢ᠂ 505 ᠱᠤᠭᠤᠮ ᠳᠠᠭᠠᠤ ᠠᠮᠠᠷᠬᠠᠨ ᠬᠤᠭ ᠨᠣᠪᠰᠢ ᠭᠠᠷᠳᠠᠭ ᠭᠠᠵᠠᠷ | ᠣᠷᠣᠨ ᠢ ᠴᠡᠪᠡᠷᠯᠡᠪᠡ᠃ ᠳ᠋ᠣᠣ ᠰᠢᠦᠢ ᠭᠧᠦ ᠶᠢ ᠤᠯᠤᠰ ᠤᠨ ᠲᠠᠰ ᠤᠨ 5A ᠦᠵᠡᠮᠵᠢ ᠶᠢᠨ ᠣᠷᠣᠨ ᠪᠣᠯᠭᠠᠨ | ᠳᠡᠭᠡᠭᠰᠢᠯᠡᠭᠦᠯᠬᠦ ᠶᠢ ᠢᠳᠡᠪᠬᠢᠲᠡᠶ ᠠᠬᠢᠭᠤᠯᠪᠠ᠃ | |