ᠨᠢᠩᠴᠧᠩ ᠰᠢᠶᠠᠨ ᠤ ︽ᠠᠨ ᠺᠠᠩ ᠬᠤᠨᠳᠠᠭᠠᠲᠤ︾ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠮᠡᠳᠡᠯᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/7/24
    ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠰᠢᠶᠠᠨ ᠤ ᠠᠵᠢᠯᠳᠠᠨ ᠠᠵᠢᠯᠴᠢᠨ ᠤ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠤᠨ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠴᠢᠳᠠᠪᠤᠷᠢ ᠶᠢ ᠪᠦᠲᠦᠮᠵᠢᠲᠡᠢ ᠨᠡᠮᠡᠭᠳᠡᠭᠦᠯᠦᠨ᠂ ᠡᠯ᠎ᠡ ᠠᠵᠢᠯ ᠲᠦᠷᠦᠯ ᠤᠨ ᠬᠦᠷᠢᠶᠡᠨ ᠤ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠶᠢᠨ ᠡᠳᠦᠷ᠂ ᠨᠢᠩᠴᠧᠩ ᠰᠢᠶᠠᠨ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠬᠤ— ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠭᠤᠣᠯ ᠰᠡᠳᠦᠪᠲᠦ ︽ᠠᠨ ᠺᠠᠩ ᠬᠤᠨᠳᠠᠭᠠᠲᠤ︾ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠮᠡᠳᠡᠯᠭᠡ ᠶᠢᠨ ᠤᠷᠤᠯᠳᠤᠭᠠᠨ ᠢ ᠡᠷᠬᠢᠯᠡᠪᠡ᠃    ᠲᠣᠰ ᠤᠳᠠᠭᠠᠨ ᠤ ᠤᠷᠤᠯᠳᠤᠭᠠᠨ ᠳᠤ ᠪᠥᠬᠦ ᠰᠢᠶᠠᠨ ᠤ ᠭᠤᠤᠯᠳᠠᠯᠭ᠎ᠠ ᠲᠠᠢ ᠠᠵᠤ ᠠᠬᠤᠶᠢᠯᠠᠯ ᠪᠠ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ 27 ᠲᠥᠯᠥᠭᠡᠯᠡᠭᠴᠢᠳ ᠤᠨ ᠠᠩᠭᠢ ᠶᠢᠨ 81 ᠬᠥᠮᠦᠨ ᠣᠷᠣᠯᠴᠠᠵᠠᠶ᠃ ᠤᠷᠤᠯᠳᠤᠭᠠᠨ ᠢ ᠠᠵᠤ ᠠᠬᠤᠶᠢᠯᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠬᠤᠶᠠᠷ ᠳᠤᠭᠤᠶᠢᠯᠠᠩ ᠬᠤᠪᠢᠶᠠᠵᠤ᠂ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ ᠪᠣᠯᠤᠨ ᠲᠦᠭᠰᠢᠭᠦᠷᠢ ᠶᠢᠨ ᠰᠡᠳᠦᠪ ᠭᠡᠵᠦ ᠭᠤᠷᠪᠠᠨ ᠭᠤᠭᠴᠤᠭ᠎ᠠ ᠬᠤᠪᠢᠶᠠᠵᠤ᠂ ︽ᠠᠵᠢᠯᠴᠢᠨ ᠤ ᠡᠪᠯᠡᠯ ᠤᠨ ᠬᠠᠤᠯᠢ︾᠂ ︽ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ᠂ ᠠᠮᠤᠷ ᠲᠦᠪᠰᠢᠨ ᠤ ᠶᠡᠷᠦ ᠶᠢᠨ ᠮᠡᠳᠡᠯᠭᠡ ᠵᠡᠷᠭᠡ ᠤᠯᠠᠨ ᠲᠠᠯ᠎ᠠ ᠶᠢᠨ ᠠᠭᠤᠯᠭ᠎ᠠ ᠶᠢ ᠬᠠᠮᠤᠷᠪᠠ᠃ ᠬᠤᠶᠠᠷ ᠡᠳᠦᠷ ᠤᠨ ᠬᠤᠭᠤᠴᠠᠭ᠎ᠠ ᠲᠠᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠤ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂ ᠤᠯᠠᠭᠠᠨᠬᠠᠳᠠ ᠬᠤᠲᠠ ᠶᠢᠨ ᠵᠢᠶᠠᠨ ᡁᠢ ᠬᠠᠮᠢᠶᠠᠷᠤᠯᠲᠠ ᠶᠢᠨ ᠦᠢᠯᠡᠰ ᠤᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠤᠯᠠᠭᠠᠨᠬᠠᠳᠠ ᠶᠢᠨ ᠵᠥᠩ ᠲᠠᠩ ᠣᠨᠴᠠ ᠪᠣᠯᠣᠳ ᠲᠡᠮᠦᠷ ᠤᠨ ᠬᠢᠵᠠᠭᠠᠷᠲᠤ ᠺᠣᠮᠫᠠᠨᠢ᠂ ᠶᠠᠨ ᠵᠢᠩ ᠫᠢᠸᠤ᠋ ︵ᠵᠥᠩ ᠵᠢᠩ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠵᠤ ᠠᠬᠤᠶᠢᠯᠠᠯ ᠤᠨ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠤᠯᠠᠭᠠᠨᠬᠠᠳᠠ ᠬᠤᠲᠠ ᠶᠢᠨ ᠳ᠋ᠧ ᠹᠧᠩ ᠬᠡᠦᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠲᠢᠶᠠᠨ ᠢᠦᠶ ᠬᠥᠪᠰᠥᠭᠡᠷ ᠰᠢᠷᠣᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠴᠢᠨ ᠹᠧᠩ ᠬᠡᠢ ᠪᠡᠶᠡᠲᠦ ᠶᠢᠨ ᠬᠢᠵᠠᠭᠠᠷᠲᠤ ᠺᠣᠮᠫᠠᠨᠢ ᠠᠵᠤ ᠠᠬᠤᠶᠢᠯᠠᠯ ᠤᠨ ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠳᠤᠭᠤᠶᠢᠯᠠᠩ ᠤᠨ ᠨᠢᠭᠡᠳᠦᠭᠡᠷ ᠳᠡᠰ ᠤᠨ ᠱᠠᠩᠨᠠᠯ ᠭᠥᠷᠳᠡᠵᠦ᠂ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠳᠤᠭᠤᠶᠢᠯᠠᠩ ᠤᠨ ᠬᠤᠶᠠᠳᠤᠭᠠᠷ ᠳᠡᠰ ᠤᠨ ᠱᠠᠩᠨᠠᠯ ᠭᠥᠷᠳᠡᠵᠦ᠂ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠨᠡᠭᠡᠭᠡᠯᠲᠡ ᠶᠢᠨ ᠲᠣᠭᠤᠷᠢᠭ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠳᠤᠭᠤᠶᠢᠯᠠᠩ ᠤᠨ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃    ᠲᠣᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠠᠵᠢᠯᠲᠠᠨ ᠠᠵᠢᠯᠴᠢᠨ ᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠶᠢ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ  ᠭᠦᠢᠴᠡᠳ ᠳᠠᠶᠢᠴᠢᠯᠠᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ ᠵᠣᠷᠢᠯᠭ᠎ᠠ ᠳᠠᠭᠠᠨ ᠬᠦᠷᠴᠦ᠂ ᠪᠥᠬᠦ ᠰᠢᠶᠠᠨ ᠳᠤ ᠠᠶᠤᠯᠭᠦᠶ ᠦᠢᠯᠡᠳᠪᠦᠷᠢᠯᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠨᠢᠩᠴᠧᠩ ᠰᠢᠶᠠᠨ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠦᠵᠡᠯ ᠰᠠᠨᠠᠭᠠᠨ ᠤ ᠲᠠᠯ᠎ᠠ ᠪᠠᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠠᠵᠢᠯᠯᠠᠭ᠎ᠠ ᠶᠢᠨ ᠲᠠᠯ᠎ᠠ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号