| ᠨᠢᠩᠴᠧᠩ ᠰᠢᠶᠠᠨ ᠨᠠᠰᠤᠲᠠᠶᠢᠴᠤᠳ ᠵᠢᠴᠢ ᠬᠡᠷ ᠪᠦᠯᠢ ᠶᠢᠨ ᠠᠶᠤᠯ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠰᠢᠶᠠᠨ ᠤ 60 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠠᠵᠢᠯ ᠢ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠭᠤᠤᠯᠳᠠᠯᠭ᠎ᠠ ᠲᠠᠢ ᠲᠥᠷᠥᠯ ᠵᠦᠢᠯ ᠳᠤ ᠣᠷᠣᠭᠤᠯᠬᠤ ᠶᠢᠨ ᠲᠥᠯᠥᠭᠡ᠂ 2024 ᠣᠨ ᠳᠤ | ᠵᠠᠰᠠᠭ ᠤᠨ ᠣᠷᠳᠣᠨ ᠠᠴᠠ ᠪᠠᠯᠠ ᠭᠠᠷᠭᠠᠵᠤ ᠪᠥᠬᠦ ᠰᠢᠶᠠᠨ ᠤ 11 ᠲᠦᠮᠡ ᠭᠠᠷᠤᠶ ᠨᠠᠰᠤᠲᠠᠶᠢᠴᠤᠳ ᠲᠤ | ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠬᠤᠳᠠᠯᠳᠤᠨ ᠠᠪᠴᠤ ᠥᠭᠴᠦ᠂ ︽ ᠪᠤᠭᠤᠷᠤᠯᠴᠤᠳ︾ ᠲᠤ ᠨᠢᠭᠡ | ᠬᠤᠪᠢ ᠴᠢᠩᠭ᠎ᠠ ᠬᠦᠴᠦᠲᠡᠶ ᠪᠠᠲᠤᠯᠠᠭ᠎ᠠ ᠬᠠᠩᠭᠠᠪᠠ᠃ 2024 ᠣᠨ ᠳᠤ ᠨᠢᠩᠴᠧᠩ ᠰᠢᠶᠠᠨ ᠤ | ᠨᠠᠰᠤᠲᠠᠶᠢᠴᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠨᠢ ᠢᠯᠡ ᠪᠠᠷ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠪᠠᠷ ᠳᠠᠮᠵᠢᠵᠤ᠂ ᠳᠤᠮᠳᠠᠳᠤ ᠤᠯᠤᠰ ᠤᠨ ᠠᠷᠠᠳ ᠤᠨ ᠡᠳ᠋ ᠬᠥᠷᠥᠩᠭᠡ ᠶᠢᠨ | ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠢᠩᠴᠧᠩ ᠤᠨ ᠰᠠᠯᠪᠤᠷᠢ ᠺᠣᠮᠫᠠᠨᠢ ᠠᠴᠠ | ᠳᠠᠭᠠᠳᠬᠠᠯ ᠬᠠᠷᠢᠭᠤᠴᠠᠪᠠ᠃ ᠳᠠᠭᠠᠳᠬᠠᠯ ᠤᠨ ᠬᠤᠭᠤᠴᠠᠭ᠎ᠠ ᠨᠢ 2024 ᠣᠨ ᠤ 6 ᠰᠠᠷ᠎ᠠ ᠶᠢᠨ 30 ᠤ | ᠡᠳᠦᠷ ᠠᠴᠠ 2025 ᠣᠨ ᠤ 6 ᠰᠠᠷ᠎ᠠ ᠶᠢᠨ 29 ᠤ ᠡᠳᠦᠷ᠂ ᠳᠠᠭᠠᠳᠬᠠᠯ ᠤᠨ ᠬᠦᠷᠢᠶ᠎ᠡ ᠬᠡᠪᠴᠢᠶ᠎ᠡ ᠳᠤ ᠭᠡᠷ ᠤᠨ | ᠳᠣᠲᠣᠷ᠎ᠠ ᠭᠠᠳᠠᠨᠠᠬᠢ ᠣᠯᠠᠨ ᠵᠦᠢᠯ ᠤᠨ ᠠᠬᠤᠶ ᠪᠠᠶᠢᠳᠠᠯ ᠳᠣᠤᠷᠠᠬᠢ ᠰᠠᠨᠠᠭᠠᠨ ᠳᠤ ᠥᠬᠡᠶ ᠭᠡᠮᠲᠦᠯ ᠤᠨ | ᠲᠦᠭᠰᠢᠭᠦᠷᠢ ᠶᠢ ᠬᠠᠮᠤᠷᠴᠠᠶ᠃ ᠶᠡᠷᠦᠩᠬᠡᠶ ᠳᠠᠭᠠᠳᠬᠠᠯ ᠤᠨ ᠲᠤᠭ᠎ᠠ ᠨᠢ 25000 ᠲᠥᠭᠦᠷᠢᠭ / ᠬᠥᠮᠦᠨ ᠪᠠᠶᠢᠵᠤ᠂ | ᠡᠭᠦᠨ ᠳᠤ᠄ ᠰᠠᠨᠠᠭᠠᠨ ᠳᠤ ᠥᠬᠡᠶ ᠭᠡᠮᠲᠦᠯ ᠢᠶᠠᠷ ᠨᠠᠰᠤ ᠪᠠᠷᠠᠭᠰᠠᠨ ᠪᠠ ᠵᠡᠮᠳᠡᠭ ᠤᠨ ᠳᠠᠭᠠᠳᠬᠠᠯ ᠤᠨ ᠲᠥᠯᠥᠪᠦᠷᠢ ᠶᠢᠨ | ᠵᠣᠭᠤᠰ ᠤᠨ ᠲᠤᠭ᠎ᠠ ᠶᠢᠨ ᠳᠡᠭᠡᠳᠦ ᠬᠢᠵᠠᠭᠠᠷ ᠨᠢ 20000 ᠲᠥᠭᠦᠷᠢᠭ ᠪᠣᠯᠤᠨ᠎ᠠ᠃ ᠰᠠᠨᠠᠭᠠᠨ ᠳᠤ ᠥᠬᠡᠶ | ᠭᠡᠮᠲᠦᠯ ᠤᠨ ᠡᠮᠴᠢᠯᠡᠭᠡ ︵ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ ᠪᠠᠭᠲᠠᠨ᠎ᠠ︶ ᠶᠢᠨ ᠳᠠᠭᠠᠳᠬᠠᠯ ᠤᠨ | ᠲᠥᠯᠥᠪᠦᠷᠢ ᠶᠢᠨ ᠵᠣᠭᠤᠰ ᠤᠨ ᠲᠤᠭ᠎ᠠ ᠶᠢᠨ ᠳᠡᠭᠡᠳᠦ ᠬᠢᠵᠠᠭᠠᠷ ᠢ 5000 ᠲᠥᠭᠦᠷᠢᠭ ᠢᠶᠠᠷ ᠬᠢᠵᠠᠭᠠᠷᠯᠠᠨ᠎ᠠ᠃ | ᠲᠣᠰ ᠲᠥᠷᠥᠯ ᠵᠦᠢᠯ ᠨᠢ ᠬᠤᠳᠠᠯᠳᠤᠭᠠᠨ ᠤ ᠳᠠᠭᠠᠳᠬᠠᠯ ᠤᠨ ᠦᠢᠯᠡᠳᠦᠯ ᠢ ᠪᠠᠳᠠᠷᠠᠭᠤᠯᠬᠤ ᠳᠤ ᠠᠰᠢᠭᠲᠠᠶ | ᠪᠥᠭᠡᠳ ᠨᠡᠶᠢᠭᠡᠮ ᠤᠨ ᠪᠠᠲᠤᠯᠠᠭ᠎ᠠ ᠶᠢᠨ ᠳᠠᠷᠤᠯᠲᠠ ᠶᠢ ᠨᠠᠮᠳᠠᠭᠤᠯᠵᠤ᠂ ᠨᠠᠰᠤᠲᠠᠶᠢᠴᠤᠳ ᠵᠢᠴᠢ ᠲᠡᠭᠦᠨ ᠤ ᠭᠡᠷ | ᠪᠦᠯᠢ ᠶᠢᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠂ ᠨᠠᠰᠤᠲᠠᠶᠢᠴᠤᠳ ᠤᠨ | ᠰᠠᠨᠠᠭᠠᠨ ᠳᠤ ᠥᠬᠡᠶ ᠰᠢᠷᠬᠠᠲᠤᠯ ᠠᠴᠠ ᠪᠣᠯᠤᠭᠰᠠᠨ ᠵᠥᠷᠢᠴᠡᠯ ᠪᠠ ᠵᠢᠭᠤᠷᠠᠯᠳᠤᠭᠠᠨ ᠢ ᠪᠠᠭᠠᠰᠬᠠᠵᠤ᠂ ᠨᠡᠶᠢᠭᠡᠮ ᠤᠨ | ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠳᠤ ᠠᠰᠢᠭᠲᠠᠶ ᠶᠤᠮ᠃ ᠲᠠᠷᠠᠭᠠᠴᠢ ᠶᠢᠨ ᠠᠯᠬᠤᠮ ᠳᠤ᠂ | ᠨᠢᠩᠴᠧᠩ ᠰᠢᠶᠠᠨ ᠨᠠᠰᠤᠲᠠᠶᠢᠴᠤᠳ ᠤᠨ ᠰᠠᠨᠠᠭᠠᠨ ᠳᠤ ᠥᠬᠡᠶ ᠭᠡᠮᠲᠦᠯ ᠤᠨ ᠳᠠᠭᠠᠳᠬᠠᠯ ᠤᠨ ᠠᠵᠢᠯ ᠢ ᠦᠷᠭᠦᠯᠵᠢᠯᠡᠨ | ᠠᠬᠢᠭᠤᠯᠵᠤ᠂ ᠣᠯᠠᠨ ᠲᠠᠯ᠎ᠠ ᠪᠠᠷ ᠬᠠᠮᠵᠢᠯᠴᠠᠨ ᠬᠦᠴᠦᠯᠡᠵᠦ᠂ ︽ ᠪᠤᠭᠤᠷᠤᠯᠴᠤᠳ︾ ᠲᠤ ᠪᠠᠲᠤᠯᠠᠭ᠎ᠠ ᠬᠠᠩᠭᠠᠨ᠎ᠠ᠃ | | |