ᠨᠢᠩᠴᠧᠩ ᠰᠢᠶᠠᠨ ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ ᠶᠢ ᠲᠦᠷᠭᠡᠪᠴᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/26
    ᠨᠢᠭᠡ ᠳᠤ᠂ ᠲᠡᠵᠢᠭᠡᠨ ᠦᠷᠡᠵᠢᠭᠦᠯᠬᠦ ᠬᠡᠪᠴᠢᠶ᠎ᠡ ᠲᠣᠭᠲᠠᠭᠤᠨ ᠢᠶᠠᠷ ᠨᠡᠮᠡᠭᠳᠡᠪᠡ᠃ ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠥᠪᠡᠷ ᠢᠶᠠᠨ ᠦᠷᠡᠵᠢᠭᠦᠯᠵᠦ ᠥᠪᠡᠷ ᠢᠶᠠᠨ ᠪᠤᠶᠢᠵᠢᠭᠤᠯᠬᠤ᠂ ᠠᠯᠠᠰᠢᠨ ᠦᠬᠡᠷ ᠢ ᠣᠬᠤᠷ ᠬᠤᠭᠤᠴᠠᠭᠠᠨ ᠳᠤ ᠪᠣᠷᠳᠣᠨ ᠲᠠᠷᠭᠤᠯᠠᠭᠤᠯᠬᠤ ᠵᠡᠷᠭᠡ ᠣᠷᠣᠯᠭ᠎ᠠ ᠪᠠᠨ ᠨᠡᠮᠡᠭᠳᠡᠭᠦᠯᠬᠦ ᠮᠡᠷᠭᠡᠵᠢᠯ ᠢ ᠢᠳᠡᠪᠬᠢᠲᠡᠶ ᠬᠥᠲᠥᠯᠦᠨ ᠵᠢᠯᠣᠭᠤᠳᠬᠤ ᠪᠠᠷ ᠳᠠᠮᠵᠢᠭᠤᠯᠤᠨ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠮᠡᠷᠭᠡᠵᠢᠯ ᠤᠨ ᠲᠣᠭᠤᠷᠢᠭ᠂ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ ᠡᠷᠦᠬᠡ︾ ᠵᠡᠷᠭᠡ ᠬᠥᠭᠵᠢᠯᠲᠡ ᠳᠤ ᠳᠣᠭᠢᠷᠠᠬᠤ ᠠᠯᠢ ᠣᠯᠠᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠭᠪᠤᠷ ᠢ ᠪᠣᠶ ᠪᠣᠯᠭᠠᠵᠤ᠂ ᠪᠥᠬᠦ ᠰᠢᠶᠠᠨ ᠤ ᠠᠯᠠᠰᠢᠨ ᠦᠬᠡᠷ ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠠᠶᠢᠴᠢᠯᠠᠪᠠ᠃ ᠣᠳᠣᠬᠠᠨ ᠳᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠭᠦᠯᠳᠡᠷ ᠤᠨ 95% ᠨᠢ ᠰᠢᠮᠧᠨ᠋ᠳᠠᠷ ᠡᠷᠯᠢᠰᠡᠵᠢᠭᠦᠯᠦᠭᠰᠡᠨ ᠦᠬᠡᠷ  ᠪᠠᠶᠢᠵᠦ᠂ ᠦᠯᠡᠳᠡᠭᠰᠡᠨ 5% ᠨᠢ ᠮᠣᠩᠭᠤᠯ ᠦᠬᠡᠷ᠂ ᠠᠩᠭᠢᠰ ᠦᠬᠡᠷ ᠵᠡᠷᠭᠡ ᠪᠠᠶᠢᠵᠤ᠂ ᠪᠥᠬᠦ ᠰᠢᠶᠠᠨ ᠤ ᠠᠯᠠᠰᠢᠨ ᠦᠬᠡᠷ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ 420᠂ ᠠᠯᠠᠰᠢᠨ ᠦᠬᠡᠷ ᠤᠨ ᠲᠣᠭᠤᠷᠢᠭ 69᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠤᠪᠢ ᠶᠢᠨ ᠵᠢᠩ ᠨᠢ 57.8% ᠪᠣᠯᠤᠨ᠎ᠠ᠃ 2023 ᠣᠨ ᠳᠤ ᠠᠯᠠᠰᠢᠨ ᠦᠬᠡᠷ ᠢ ᠨᠡᠶᠢᠲᠡ 44 ᠲᠦᠮᠡ ᠭᠠᠷᠭᠠᠵᠤ᠂ ᠤᠯᠠᠭᠠᠨᠬᠠᠳᠠ ᠬᠤᠲᠠ ᠶᠢᠨ ᠲᠡᠷᠢᠭᠦᠨ ᠳᠤ ᠣᠷᠣᠪᠠ᠃   ᠬᠤᠶᠠᠷ ᠲᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠨᠢᠩᠴᠧᠩ ᠰᠢᠶᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠴᠡᠭ ᠢ ᠨᠢᠭᠡᠳᠦᠯᠲᠡᠶ ᠲᠥᠯᠥᠪᠵᠢᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠮᠡᠷᠭᠡᠵᠢᠯ ᠤᠨ ᠡᠩᠨᠡᠭᠡ ᠶᠢᠨ ᠭᠠᠷ ᠬᠡᠭᠡᠯᠲᠦᠭᠦᠯᠭᠡ ᠶᠢᠨ ᠮᠡᠷᠭᠡᠵᠢᠯ ᠢ ᠬᠤᠯᠪᠣᠭᠠᠯᠠᠨ ᠳᠡᠯᠭᠡᠷᠡᠭᠦᠯᠵᠦ᠂ ᠣᠲᠣ 165 ᠠᠯᠠᠰᠢᠨ ᠦᠬᠡᠷ ᠤᠨ ᠬᠥᠮᠦᠨ ᠤ ᠬᠦᠴᠦᠨ ᠤ ᠡᠭᠦᠯᠳᠡᠷ ᠰᠠᠶᠢᠵᠢᠷᠠᠭᠤᠯᠬᠤ ᠥᠷᠲᠡᠭᠡ᠂ 18.5 ᠲᠦᠮᠡᠨ ᠮᠠᠯ ᠬᠡᠭᠡᠯᠲᠦᠭᠦᠯᠭᠡ ᠶᠢᠨ ᠦᠨᠢᠶ᠎ᠡ ᠪᠣᠶ᠃ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠯᠲᠠ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠪᠡ᠃   ᠭᠤᠷᠪᠠ ᠳᠤ᠂ ᠲᠥᠬᠦᠭᠡᠷᠦᠮᠵᠢᠲᠦ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠠᠯᠠᠰᠢᠨ ᠦᠬᠡᠷ ᠲᠡᠵᠢᠭᠡᠬᠦ ᠬᠠᠮᠢᠶᠠᠷᠤᠯᠲᠠ ᠶᠢᠨ ᠨᠥᠬᠦᠴᠡᠯ  ᠬᠠᠰᠢᠶᠠᠯᠠᠨ ᠲᠡᠵᠢᠭᠡᠬᠦ᠂ ᠡᠷᠴᠢᠮᠵᠢᠭᠦᠯᠬᠦ ᠠᠷᠭ᠎ᠠ ᠮᠠᠶ᠋ᠢᠭ ᠳᠠᠰᠢ ᠬᠤᠪᠢᠷᠠᠭᠤᠯᠬᠤ ᠶᠢ ᠲᠦᠷᠭᠡᠳᠬᠡᠵᠦ᠂ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠲᠡᠭᠦᠯᠳᠡᠷᠵᠢᠭᠦᠯᠵᠦ ᠪᠠᠶᠢᠨ᠎ᠠ᠃ ᠣᠳᠣᠬᠠᠨ ᠳᠤ ᠪᠥᠬᠦ ᠰᠢᠶᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ 70 ᠲᠦᠮᠡᠨ ᠲᠡᠭᠰᠢ ᠳᠥᠷᠪᠡᠯᠵᠢᠨ  ᠮᠧᠲᠷ ᠠᠴᠠ ᠳᠡᠭᠡᠭᠰᠢ ᠪᠠᠶᠢᠵᠦ᠂ ᠡᠪᠡᠰᠦ ᠪᠣᠷᠳᠤᠭ᠎ᠠ ᠡᠳ᠋ᠰᠢᠭᠦᠯᠬᠦ ᠮᠠᠰᠢᠨ ᠪᠠᠷᠤᠭ 500 ᠢᠵᠢ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号