ᠨᠢᠩᠴᠧᠩ ᠰᠢᠶᠠᠨ ᠨᠣᠭᠤᠭᠠᠷᠠᠭᠤᠯᠤᠯᠲᠠ ᠶᠢᠨ ᠴᠢᠨᠠᠷ ᠢ ᠳᠡᠭᠡᠭᠰᠢᠯᠡᠭᠦᠯᠵᠦ ᠬᠤᠲᠠ ᠶᠢᠨ ᠭᠤᠸ᠎ᠠ ᠰᠠᠶᠢᠬᠠᠨ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/7/26
    ᠨᠢᠭᠡ ᠳᠤ᠂ ᠪᠦᠲᠦᠭᠡᠨ ᠪᠠᠶᠢᠭᠤᠯᠤᠯᠲᠠ ᠶᠢ ᠠᠳᠬᠤᠵᠤ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠲᠠᠯ᠎ᠠ ᠪᠠᠷ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠨ᠎ᠡ᠃ ᠴᠡᠴᠡᠷᠯᠢᠭ ᠤᠨ ᠵᠦᠯᠭᠡ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠨᠣᠭᠤᠭᠠᠷᠠᠭᠤᠯᠤᠯᠲᠠ᠂ ᠷᠠᠰᠢᠶᠠᠨ ᠵᠡᠭᠡᠯᠢ ᠶᠢᠨ ᠬᠠᠷᠮᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠠᠶᠢᠭᠤᠯᠤᠯᠲᠠ ᠶᠢ  ᠳᠠᠭᠤᠰᠬᠠᠪᠠ᠃ ᠵᠠᠮ ᠤᠨ ᠨᠣᠭᠤᠭᠠᠷᠠᠭᠤᠯᠤᠯᠲᠠ ᠶᠢᠨ ᠲᠠᠯ᠎ᠠ ᠪᠠᠷ᠂ ᠶᠢᠩ ᠪᠢᠨ ᠵᠠᠮ ᠤᠨ ᠳᠤᠮᠳᠠ ᠬᠡᠰᠡᠭ᠂ ᠲᠢᠶᠠᠨ ᠮᠠ ᠵᠡᠭᠡᠯᠢ ᠶᠢᠨ ᠵᠡᠭᠦᠨ ᠬᠡᠰᠡᠭ᠂ ᠬᠢᠳᠠᠨ ᠵᠡᠭᠡᠯᠢ ᠶᠢᠨ ᠪᠠᠷᠠᠭᠤᠨ ᠬᠡᠰᠡᠭ᠂ ᠲᠢᠶᠠᠨ ᠱᠦᠨ ᠵᠠᠮ ᠤᠨ ᠡᠮᠦᠨ᠎ᠡ ᠬᠡᠰᠡᠭ᠂  ᠷᠠᠰᠢᠶᠠᠨ ᠵᠡᠭᠡᠯᠢ ᠶᠢᠨ ᠳᠤᠮᠳᠠ ᠬᠡᠰᠡᠭ᠂ ᠴᠠᠩ ᠴᠢᠩ ᠵᠠᠮ᠂ ᠣᠯᠠᠨ ᠤᠯᠤᠰ ᠤᠨ ᠪᠠᠭᠤᠳᠠᠯ ᠤᠨ ᠡᠮᠦᠨ᠎ᠡ ᠬᠡᠰᠡᠭ ᠤᠨ ᠲᠦᠷ ᠴᠠᠭ ᠤᠨ ᠵᠠᠮ ᠵᠡᠷᠭᠡ 7 ᠵᠤᠷᠪᠤᠰ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠲᠠᠭᠤᠰᠬᠠᠵᠦ᠂ ᠵᠡᠷᠯᠢᠭ ᠲᠤᠭᠤᠷ᠂ ᠮᠥᠩᠭᠦᠨ ᠭᠦᠢᠯᠡᠰᠦ᠂ ᠪᠠᠲᠤᠴᠠᠭᠠᠨ᠂ ᠮᠠᠨᠲᠠᠤ ᠤᠳᠠ ᠵᠡᠷᠭᠡ ᠮᠣᠳᠣ ᠶᠢ 845 ᠰᠠᠭᠤᠷᠢ  ᠵᠠᠶᠢᠯᠠᠵᠤ᠂ ᠰᠢᠷ᠎ᠠ ᠤᠯᠢᠶᠠᠰᠤ᠂ ᠭᠤᠤᠯᠲᠤ ᠪᠣᠷᠣ ᠵᠡᠷᠭᠡ ᠶᠢ 3185 ᠲᠡᠭᠰᠢ ᠳᠥᠷᠪᠡᠯᠵᠢᠨ ᠮᠧᠲᠷ ᠵᠠᠶᠢᠯᠠᠵᠤ᠂ ᠵᠦᠯᠭᠡ ᠭᠠᠵᠠᠷ 6.5 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ᠃   ᠬᠤᠶᠠᠷ ᠲᠤ᠂ ᠠᠷᠠᠴᠢᠯᠠᠨ ᠬᠠᠮᠠᠭᠠᠯᠠᠬᠤ ᠶᠢ ᠠᠳᠬᠤᠵᠤ᠂ ︽ᠨᠦᠬᠦᠵᠦ ᠨᠤᠭᠤᠭᠠᠷᠠᠭᠤᠯᠬᠤ︾ ᠲᠠᠯ᠎ᠠ ᠪᠠᠷ ᠦᠷᠭᠦᠯᠵᠢᠯᠡᠨ ᠬᠦᠴᠦᠯᠡᠨ᠎ᠡ᠃ ᠲᠢᠶᠠᠨ ᠢ ᠬᠤᠲᠠ ᠲᠣᠭᠤᠷᠢᠭ ᠤᠨ 66.17 ᠲᠦᠮᠡᠨ ᠲᠡᠭᠰᠢ ᠳᠥᠷᠪᠡᠯᠵᠢᠨ ᠮᠧᠲᠷ ᠤᠨ ᠣᠯᠠᠨ ᠨᠡᠶᠢᠲᠡ ᠶᠢᠨ ᠵᠦᠯᠭᠡ ᠭᠠᠵᠠᠷ ᠤᠨ ᠡᠷᠡᠭᠦᠯ ᠬᠠᠮᠠᠭᠠᠯᠠᠯ᠂ ᠨᠣᠭᠤᠭᠠᠷᠠᠭᠤᠯᠵᠤ ᠤᠰᠤᠯᠠᠬᠤ᠂ ᠮᠣᠳᠣ ᠶᠢ ᠵᠠᠰᠠᠵᠤ ᠬᠠᠶᠢᠴᠢᠯᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ᠂  ᠪᠣᠷᠳᠣᠭᠤᠷ ᠣᠷᠣᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠯᠤᠤᠬ᠎ᠠ ᠶᠢᠨ ᠭᠤᠣᠯ ᠵᠡᠭᠡᠯᠢ᠂ ᠰᠢᠨ ᠨᠢᠩ ᠵᠠᠮ ᠵᠡᠷᠭᠡ ᠬᠤᠲᠠ ᠲᠣᠭᠤᠷᠢᠭ ᠤᠨ ᠵᠦᠯᠭᠡ ᠭᠠᠵᠠᠷ ᠲᠤ 450 ᠰᠠᠭᠤᠷᠢ ᠮᠣᠳᠣ ᠶᠢ ᠨᠥᠬᠦᠵᠦ ᠲᠠᠷᠢᠪᠠ᠃ ᠵᠦᠩ ᠵᠢᠩ ᠠᠭᠤᠳᠠᠮ ᠲᠠᠯᠠᠪᠠᠢ᠂ ᠣᠣᠯ ᠤᠨ ᠵᠠᠰᠠᠭ ᠤᠨ ᠣᠷᠳᠣᠨ ᠤ ᠴᠡᠴᠡᠷᠯᠢᠭ᠂ ᠰᠢᠨ ᠨᠢᠩ ᠵᠠᠮ᠂ ᠯᠤᠤᠬ᠎ᠠ ᠶᠢᠨ ᠭᠤᠣᠯ ᠵᠡᠭᠡᠯᠢ ᠶᠢᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠳ᠋ᠠ ᠨᠢᠩ ᠵᠠᠮ ᠤᠨ ᠡᠮᠦᠨ᠎ᠡ ᠬᠡᠰᠡᠭ᠂ ᠲᠢᠶᠠᠨ ᠮᠠ ᠵᠡᠭᠡᠯᠢ ᠵᠡᠷᠭᠡ  ᠭᠠᠵᠠᠷ ᠲᠤ 13 ᠲᠦᠮᠡ ᠭᠠᠷᠤᠢ ᠰᠠᠭᠤᠷᠢ ᠬᠤᠸᠠᠷ ᠴᠡᠴᠡᠭ  ᠲᠠᠷᠢᠪᠠ᠃ ᠭᠤᠷᠪᠠ ᠳᠤ᠂ ᠪᠠᠶᠢᠷᠢᠰᠢᠭᠤᠯᠤᠯᠲᠠ ᠶᠢ ᠠᠳᠬᠤᠵᠤ᠂ ︽ᠨᠣᠭᠤᠭᠠᠷᠠᠭᠤᠯᠤᠯᠲᠠ ᠶᠢ ᠬᠠᠮᠢᠶᠠᠷᠬᠤ︾ ᠲᠠᠯ᠎ᠠ ᠪᠠᠷ ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠤᠯᠪᠠ᠃ ᠬᠤᠲᠠ ᠶᠢᠨ ᠵᠦᠯᠭᠡ ᠭᠠᠵᠠᠷ ᠤᠨ ᠪᠠᠶᠢᠷᠢᠰᠢᠭᠤᠯᠤᠯᠲᠠ ᠶᠢᠨ ᠲᠡᠩᠴᠡᠭᠦᠷᠢᠲᠦ ᠴᠢᠨᠠᠷ ᠢ ᠶᠡᠷᠦᠩᠬᠡᠶᠢᠯᠡᠨ ᠵᠠᠳᠠᠯᠵᠤ᠂ ᠬᠠᠭᠤᠴᠢᠨ ᠬᠤᠲᠠ ᠲᠣᠭᠤᠷᠢᠭ᠂ ᠭᠤᠤᠯ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠡᠴᠡᠷᠯᠢᠭ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠭᠤᠴᠢᠨ ᠵᠢᠵᠢᠭ ᠲᠣᠭᠤᠷᠢᠭ᠂ ᠵᠡᠭᠡᠯᠢ ᠭᠤᠳᠤᠮᠵᠢ ᠵᠡᠷᠭᠡ ᠶᠢ ᠰᠢᠨᠡᠳᠬᠡᠨ ᠥᠭᠡᠷᠡᠴᠢᠯᠡᠬᠦ ᠲᠠᠢ ᠤᠶᠠᠯᠳᠤᠭᠤᠯᠤᠨ᠂ ᠬᠠᠤᠯᠢ ᠠᠴᠠ ᠵᠥᠷᠢᠴᠡᠭᠰᠡᠨ ᠨᠤᠷᠠᠭᠠᠭᠰᠠᠨ ᠪᠠᠷᠢᠯᠭ᠎ᠠ᠂ ᠬᠠᠶᠠᠭᠳᠠᠮᠠᠯ ᠭᠠᠵᠠᠷ᠂ ᠰᠤᠯᠠ ᠪᠠᠶᠢᠭ᠎ᠠ ᠭᠠᠵᠠᠷ᠂ ᠵᠠᠮ ᠤᠨ ᠵᠠᠩᠭᠢᠯᠠᠭ᠎ᠠ ᠶᠢᠨ ᠭᠠᠵᠠᠷ᠂ ᠵᠠᠮ ᠤᠨ ᠠᠭᠤᠯᠵᠠᠷ ᠤᠨ ᠥᠨᠴᠥᠭ ᠪᠤᠯᠤᠩ ᠳᠤ ︽ᠬᠠᠷᠮᠠᠨ ᠴᠡᠴᠡᠷᠯᠢᠭ︾ ᠪᠠᠶᠢᠭᠤᠯᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂  ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 750 ᠲᠦᠮᠡᠨ ᠲᠥᠭᠦᠷᠢᠭ ᠤᠨ 2 ᠲᠦᠮᠡᠨ ᠲᠡᠭᠰᠢ ᠳᠥᠷᠪᠡᠯᠵᠢᠨ ᠮᠧᠲᠷ ᠤᠨ 5 ᠬᠠᠷᠮᠠᠨ ᠴᠡᠴᠡᠷᠯᠢᠭ ᠢ ᠪᠠᠶᠢᠭᠤᠯᠤᠨ᠎ᠠ᠃ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 670 ᠾᠧᠺᠲ᠋ᠠᠷ ᠪᠠᠶᠢᠵᠤ᠂ ᠬᠥᠮᠦᠨ ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠢ 13.5 ᠲᠡᠭᠰᠢ ᠳᠥᠷᠪᠡᠯᠵᠢᠨ ᠮᠧᠲᠷ ᠪᠠᠶᠢᠵᠤ᠂ ᠪᠠᠶᠢᠭᠤᠯᠤᠭᠰᠠᠨ ᠲᠣᠭᠤᠷᠢᠭ ᠤᠨ ᠵᠦᠯᠭᠡ ᠭᠠᠵᠠᠷ ᠤᠨ ᠨᠤᠷᠮ᠎ᠠ 33.27% ᠬᠦᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号