| ᠨᠢᠭᠡ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠣᠨ ᠪᠦᠰᠡ ᠶᠢᠨ ᠦᠷᠭᠦᠯᠵᠢᠯᠡᠬᠦ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ | ᠰᠢᠰᠲ᠋ᠧᠮᠵᠢ ᠶᠢᠨ ᠪᠠᠶᠢᠭᠤᠯᠤᠯᠲᠠ᠂ ᠬᠤᠯᠪᠣᠭᠳᠠᠯ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ | ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠲᠥᠷᠥᠯ ᠬᠤᠪᠢᠶᠠᠨ | ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠰᠢᠰᠲ᠋ᠧᠮ ᠢ ᠪᠠᠶᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠡᠬᠢ ᠪᠠᠶᠠᠯᠢᠭ ᠢ | ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠲᠡᠷᠢᠭᠦᠨ ᠤ ᠠᠷᠭ᠎ᠠ ᠮᠠᠶ᠋ᠢᠭ ᠢ ᠣᠷᠣᠭᠤᠯᠤᠨ ᠠᠪᠴᠢᠷᠠᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ | ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠲᠥᠷᠥᠯ ᠵᠦᠢᠯ ᠤᠨ ᠵᠢᠯ ᠤᠨ | ᠠᠵᠢᠯᠯᠠᠭᠠᠨ ᠨᠢ ᠵᠢᠯ ᠳᠤ 8000 ᠴᠠᠭ ᠪᠠᠶᠢᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 3800 ᠲᠦᠮᠡᠨ | ᠭᠷᠠᠳᠦ᠋ᠰ ᠲᠤ ᠬᠦᠷᠴᠦ᠂ ᠵᠢᠯ ᠳᠤ ᠪᠠᠷᠤᠭ 15 ᠲᠦᠮᠡᠨ ᠲᠣᠨ ᠬᠤᠲᠠ ᠬᠥᠳᠡᠭᠡ ᠶᠢᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠨ᠎ᠠ᠃ | ᠬᠤᠶᠠᠷ ᠲᠤ ᠲᠦᠷᠦᠯ ᠵᠦᠢᠯ ᠢᠶᠠᠷ ᠬᠥᠳᠡᠯᠭᠡᠭᠦᠷ ᠪᠣᠯᠭᠠᠵᠤ᠂ ᠡᠬᠢ ᠪᠠᠶᠠᠯᠢᠭ ᠢ ᠠᠰᠢᠭᠯᠠᠨ ᠠᠮᠢ ᠠᠬᠤᠢ ᠶᠢᠨ | ᠣᠷᠴᠢᠨ ᠲᠣᠭᠤᠷᠢᠨ ᠢ ᠬᠠᠮᠠᠭᠠᠯᠠᠨ᠎ᠠ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ | ᠬᠠᠮᠲᠤᠷᠠᠯᠴᠠᠭ᠎ᠠ ᠵᠡᠷᠭᠡ ᠵᠠᠭᠪᠤᠷ ᠢ ᠬᠡᠷᠡᠭᠯᠡᠨ᠂ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮᠵᠢ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠰᠢᠲᠠᠭᠠᠵᠤ ᠴᠠᠬᠢᠯᠭᠠᠨ ᠭᠠᠷᠭᠠᠬᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠪᠠᠷ ᠭᠤᠣᠯ ᠪᠣᠯᠭᠠᠭᠰᠠᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠪᠤᠢ | ᠪᠣᠯᠭᠠᠵᠤ᠂ ᠶᠠᠭ 2 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ᠃ | ᠡᠭᠦᠨ ᠳᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 3000 ᠲᠦᠮᠡᠨ ᠲᠥᠭᠦᠷᠢᠭ᠂ ᠦᠢᠯᠡᠳᠪᠦᠷᠢᠯᠡᠬᠦ | ᠴᠢᠳᠠᠪᠤᠷᠢ ᠨᠢ 600 ᠲᠣᠨ / ᠡᠳᠦᠷ ᠤᠨ ᠵᠤᠤᠬ᠎ᠠ ᠶᠢᠨ ᠰᠢᠭᠠᠷᠤ ᠶᠢ ᠠᠦ᠋ᠲ᠋ᠣᠴᠢᠯᠠᠨ ᠰᠢᠢᠳᠪᠦᠷᠢᠯᠡᠬᠦ | ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠨᠢᠭᠡᠨᠲᠡ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠶ ᠪᠡᠯᠡ | ᠣᠷᠣᠭᠤᠯᠤᠯᠲᠠ ᠨᠢ ᠪᠠᠷᠤᠭ 2.39 ᠳ᠋ᠦᠩᠰᠢᠭᠤᠷ ᠲᠥᠭᠦᠷᠢᠭ᠂ ᠡᠳᠦᠷ ᠪᠦᠷᠢ ᠶᠢᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ 400 ᠲᠣᠨ ᠲᠥᠷᠥᠯ ᠵᠦᠢᠯ ᠢ ᠶᠠᠭ ᠯᠠᠪᠳᠠᠭᠤᠨ ᠢᠶᠠᠷ ᠪᠦᠲᠦᠭᠡᠨ ᠪᠠᠶᠢᠭᠤᠯᠵᠤ ᠪᠠᠶᠢᠭ᠎ᠠ | ᠪᠥᠭᠡᠳ ︽ᠥᠪᠥᠷ ᠮᠣᠩᠭᠤᠯ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠳᠤᠮᠳᠠ | ᠣᠷᠳᠣ ᠬᠤᠭᠤᠴᠠᠭ᠎ᠠ ᠪᠠᠷ 2020 - 2030 ᠣᠨ︾ ᠳᠤ ᠵᠢᠭᠰᠠᠭᠠᠨ ᠣᠷᠣᠭᠤᠯᠵᠤ᠂ ᠵᠢᠱᠢᠯᠲᠡ ᠪᠠᠷ 2025 | ᠣᠨ ᠳᠤ ᠠᠰᠢᠭᠯᠠᠯᠲᠠ ᠳᠤ ᠣᠷᠣᠭᠤᠯᠤᠨ᠎ᠠ᠃ | ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ | ᠭᠦᠢᠴᠡᠳᠬᠡᠯ ᠢ ᠳᠥᠭᠦᠮᠴᠢᠯᠡᠬᠦ᠂ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠬᠦ᠂ ᠠᠵᠤ ᠠᠬᠤᠶᠢᠯᠠᠯ ᠳᠤ | ᠣᠷᠣᠵᠤ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ ᠵᠡᠷᠭᠡ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ | ᠠᠬᠤᠶᠢᠯᠠᠯ ᠳᠤ ᠬᠠᠷᠰᠢ ᠰᠠᠭᠠᠳ ᠥᠬᠡᠶ᠂ ᠴᠢᠨᠠᠷ ᠰᠠᠶᠢᠲᠠᠶ᠂ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠨ᠎ᠠ᠃ | ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ | 10 ᠭᠠᠷᠤᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠶᠢᠨ ︽ᠭᠤᠷᠪᠠ ᠶᠢ ᠬᠡᠯᠲᠦᠷᠢᠭᠦᠯᠵᠦ ᠭᠤᠷᠪᠠ ᠶᠢ ᠬᠠᠭᠠᠰ ᠢᠶᠠᠷ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ 11.92 | ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ | ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ |