ᠨᠢᠩᠴᠧᠩ ᠰᠢᠶᠠᠨ ᠨᠡᠶᠢᠲᠠ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠡᠪᠴᠢᠶ᠎ᠡ ᠶᠢ ᠥᠷᠭᠡᠳᠭᠡᠵᠦ ᠠᠷᠠᠳ ᠤᠨ ᠠᠮᠢᠳᠤᠷᠠᠯ ᠤᠨ ᠶᠡᠭᠡ ᠲᠠᠯ᠎ᠠ ᠳᠤ  ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/26
    ᠨᠢᠭᠡ ᠳᠤ᠂ ᠤᠨᠢᠨ ᠳᠡᠭᠡᠷ᠎ᠡ ᠨᠢ ᠪᠠᠶᠢᠴᠠᠭᠠᠨ ᠵᠢᠭᠰᠠᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠬᠠᠷᠠᠯᠲᠠ ᠪᠠᠨ ᠲᠣᠳᠣᠷᠬᠠᠶᠢᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠡᠶᠢᠭᠡᠮ ᠤᠨ ᠪᠠᠲᠤᠯᠠᠭ᠎ᠠ ᠶᠢᠨ ᠲᠥᠪ ᠪᠠ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠰᠢᠰᠲ᠋ᠧᠮ ᠤᠨ ᠬᠠᠷᠢᠴᠠᠭᠤᠯᠤᠯ ᠢᠶᠠᠷ ᠳᠠᠮᠵᠢᠭᠤᠯᠤᠨ ᠰᠢᠶᠠᠨ ᠤ ᠬᠡᠪᠴᠢᠶᠡᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠢ ᠪᠠᠶᠢᠭᠤᠯᠤᠭᠰᠠᠨ ᠥᠬᠡᠶ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ 436 ᠪᠠᠶᠢᠬᠤ ᠶᠢ ᠪᠠᠶᠢᠴᠠᠭᠠᠵᠤ᠂ ᠲᠠᠩᠰᠠ ᠡᠪᠬᠡᠮᠡᠯ ᠪᠠᠶᠢᠭᠤᠯᠤᠨ ᠲᠤᠰᠢᠶᠠᠭᠰᠠᠨ ᠡᠬᠡ ᠲᠠᠩᠰᠠ ᠶᠢ ᠪᠣᠶ ᠪᠣᠯᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠪᠠᠲᠤᠯᠠᠭ᠎ᠠ ᠶᠢᠨ ᠬᠡᠪᠴᠢᠶᠡᠨ ᠳᠤ ᠪᠥᠬᠦ ᠲᠠᠯ᠎ᠠ ᠪᠠᠷ ᠣᠷᠣᠭᠤᠯᠪᠠ᠃ ᠬᠤᠶᠠᠷ ᠲᠤ᠂ ᠨᠠᠷᠢᠯᠢᠭ ᠣᠨᠣᠴᠠᠲᠠᠶ ᠪᠠᠷ ᠤᠬᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠲᠠᠨᠢᠯᠴᠠᠭᠤᠯᠬᠤ︾ ᠶᠢ ᠠᠭᠤᠰᠤᠯᠴᠠᠭᠤᠯᠤᠨ ᠤᠬᠠᠭᠤᠯᠬᠤ ᠠᠷᠭ᠎ᠠ ᠮᠠᠶ᠋ᠢᠭ ᠢ ᠠᠪᠴᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠬᠦ ᠨᠣᠷᠮ᠎ᠠ᠂ ᠳᠡᠯᠭᠡᠷᠡᠭᠦᠯᠬᠦ ᠨᠣᠷᠮ᠎ᠠ᠂ ᠬᠡᠷᠡᠭᠯᠡᠬᠦ ᠨᠣᠷᠮ᠎ᠠ ᠶᠢ ᠥᠷᠭᠡᠳᠬᠡᠨ᠎ᠡ᠃ ᠰᠦᠯᠵᠢᠶᠡᠨ ᠳᠡᠭᠡᠷ᠎ᠡ ᠨᠢᠩᠴᠧᠩ ᠤᠨ ᠬᠠᠮ ᠵᠠᠭᠤᠴᠢᠯᠠᠭᠤᠷ᠂ ᠠᠮᠢᠵᠢᠷᠠᠯ ᠤᠨ ᠬᠦᠴᠦᠨ‌‍ᠲ᠋ᠠᠢ ᠨᠢᠩᠴᠧᠩ ᠵᠡᠷᠭᠡ ᠲᠠᠪᠴᠠᠩ ᠢ ᠠᠰᠢᠭᠯᠠᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠢᠨ᠎ᠡ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠤᠬᠠᠶᠢᠯᠠᠭᠰᠠᠨ ᠠᠵᠢᠯ ᠤᠨ ᠬᠡᠯᠲᠡᠰ ᠤᠨ ᠠᠵᠢᠯ ᠤᠨ ᠬᠥᠳᠡᠯᠦᠩᠭᠦᠶ ᠵᠠᠰᠠᠭ ᠤᠨ ᠶᠠᠪᠤᠳᠠᠯ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠬᠠᠶ ᠨᠡᠪᠲᠡᠷᠡᠭᠦᠯᠭᠡ ᠪᠠᠷ 164 ᠲᠤᠬᠠᠶ ᠶᠢᠨ ᠲᠠᠯᠠᠪᠤᠷ ᠲᠤ ᠠᠰᠠᠭᠤᠯᠲᠠ ᠬᠠᠷᠢᠭᠤᠯᠪᠠ᠃ ᠰᠦᠯᠵᠢᠶᠡᠨ ᠭᠠᠳᠠᠨ᠎ᠠ 1000 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ 16 ᠵᠤᠷᠪᠤᠰ ᠡᠯᠭᠦᠭᠡ ᠪᠢᠴᠢᠭᠡᠰᠦ ᠡᠯᠭᠦᠪᠡ᠃  ᠭᠤᠷᠪᠠ ᠳᠤ᠂ ᠨᠠᠷᠢᠯᠢᠭ ᠣᠨᠣᠴᠠᠲᠠᠶ ᠪᠠᠷ ᠬᠤᠯᠪᠣᠭᠠᠯᠠᠨ ᠬᠥᠳᠡᠯᠦᠯᠴᠡᠬᠦ ᠳᠤ ᠠᠩᠬᠠᠷᠤᠯ ᠢᠶᠠᠨ ᠲᠥᠪᠯᠡᠷᠡᠭᠦᠯᠦᠨ᠎ᠡ᠃ ᠪᠠᠩᠬᠢ ᠶᠢᠨ ᠡᠯ᠎ᠡ ᠲᠣᠤᠷ ᠴᠡᠭ ᠲᠤ ᠨᠠᠶᠢᠳᠠᠵᠤ ᠤᠬᠠᠭᠤᠯᠭ᠎ᠠ ᠶᠢᠨ ᠥᠩᠭᠡᠲᠦ ᠬᠠᠭᠤᠳᠠᠰᠤ ᠲᠠᠯᠪᠢᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠬᠠᠶ ᠴᠣᠩᠬᠤ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ ᠥᠭᠪᠡ᠃ ᠨᠡᠭᠡᠭᠡᠯᠲᠡ ᠶᠢᠨ ᠣᠷᠣᠨ᠂ ᠨᠠᠶᠢᠳᠠᠵᠤ ᠪᠠᠶᠢᠭ᠎ᠠ ᠪᠠᠩᠬᠢ᠂ ᠮᠧᠩ ᠱᠠᠩ ᠪᠠᠩᠬᠢ ᠲᠠᠢ ᠬᠠᠮᠲᠤᠷᠠᠨ ᠬᠦᠷᠢᠶᠡᠯᠡᠩ ᠲᠣᠭᠤᠷᠢᠭ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠳᠠᠬᠢᠨ ᠳᠠᠪᠲᠠᠨ ᠭᠦᠨᠵᠡᠭᠡᠶᠢᠷᠡᠵᠦ᠂ ᠶᠠᠷᠢᠯᠴᠠᠬᠤ ᠬᠤᠷᠠᠯ ᠪᠠ ᠰᠢᠪᠠᠳᠠᠨ ᠲᠤᠰᠢᠶᠠᠬᠤ ᠬᠤᠷᠠᠯ ᠢ 50 ᠭᠠᠷᠤᠶ ᠤᠳᠠᠭ᠎ᠠ ᠬᠤᠷᠠᠯᠳᠤᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠤᠷᠠᠯ ᠢ 20 ᠭᠠᠷᠤᠶ ᠤᠳᠠᠭ᠎ᠠ ᠥᠷᠨᠢᠭᠦᠯᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号