| | | | | ᠨᠢᠭᠡ ᠳᠤ᠂ ᠲᠡᠵᠢᠭᠡᠨ ᠦᠷᠡᠵᠢᠭᠦᠯᠬᠦ ᠬᠡᠪᠴᠢᠶ᠎ᠡ ᠲᠣᠭᠲᠠᠭᠤᠨ ᠢᠶᠠᠷ ᠨᠡᠮᠡᠭᠳᠡᠪᠡ᠃ ᠣᠶᠢᠷ᠎ᠠ ᠶᠢᠨ ᠵᠢᠯ ᠳᠤ᠂ | ᠨᠢᠩᠴᠧᠩ ᠰᠢᠶᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠡᠷᠦᠬᠡ ᠶᠢᠨ ᠥᠪᠡᠷ ᠢᠶᠠᠨ ᠦᠷᠡᠵᠢᠭᠦᠯᠵᠦ ᠥᠪᠡᠷ ᠢᠶᠠᠨ | ᠪᠤᠶᠢᠵᠢᠭᠤᠯᠬᠤ᠂ ᠠᠯᠠᠰᠢᠨ ᠦᠬᠡᠷ ᠢ ᠣᠬᠤᠷ ᠬᠤᠭᠤᠴᠠᠭᠠᠨ ᠳᠤ ᠪᠣᠷᠳᠣᠨ ᠲᠠᠷᠭᠤᠯᠠᠭᠤᠯᠬᠤ ᠵᠡᠷᠭᠡ ᠣᠷᠣᠯᠭ᠎ᠠ ᠪᠠᠨ | ᠨᠡᠮᠡᠭᠳᠡᠭᠦᠯᠬᠦ ᠮᠡᠷᠭᠡᠵᠢᠯ ᠢ ᠢᠳᠡᠪᠬᠢᠲᠡᠶ ᠬᠥᠲᠥᠯᠦᠨ ᠵᠢᠯᠣᠭᠤᠳᠬᠤ ᠪᠠᠷ ᠳᠠᠮᠵᠢᠭᠤᠯᠤᠨ᠂ ᠠᠯᠠᠰᠢᠨ ᠦᠬᠡᠷ ᠲᠡᠵᠢᠭᠡᠨ | ᠦᠷᠡᠵᠢᠭᠦᠯᠬᠦ ᠲᠤᠰᠬᠠᠶ ᠮᠡᠷᠭᠡᠵᠢᠯ ᠤᠨ ᠲᠣᠭᠤᠷᠢᠭ᠂ ᠠᠮᠢ ᠠᠬᠤᠶ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠶ᠂ | ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠲᠣᠰᠬᠤᠨ᠂ ︽ᠺᠣᠮᠫᠠᠨᠢ + ᠰᠠᠭᠤᠷᠢᠨ ᠭᠠᠵᠠᠷ + ᠲᠠᠷᠢᠶᠠᠴᠢᠨ | ᠡᠷᠦᠬᠡ︾ ᠵᠡᠷᠭᠡ ᠬᠥᠭᠵᠢᠯᠲᠡ ᠳᠤ ᠳᠣᠭᠢᠷᠠᠬᠤ ᠠᠯᠢ ᠣᠯᠠᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠵᠠᠭᠪᠤᠷ ᠢ | ᠪᠣᠶ ᠪᠣᠯᠭᠠᠵᠤ᠂ ᠪᠥᠬᠦ ᠰᠢᠶᠠᠨ ᠤ ᠠᠯᠠᠰᠢᠨ ᠦᠬᠡᠷ ᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠠᠶᠢᠴᠢᠯᠠᠪᠠ᠃ ᠣᠳᠣᠬᠠᠨ ᠳᠤ᠂ ᠠᠯᠠᠰᠢᠨ ᠦᠬᠡᠷ ᠲᠡᠵᠢᠭᠡᠨ | ᠦᠷᠡᠵᠢᠭᠦᠯᠬᠦ ᠡᠭᠦᠯᠳᠡᠷ ᠤᠨ 95% ᠨᠢ ᠰᠢᠮᠧᠨ᠋ᠳᠠᠷ ᠡᠷᠯᠢᠰᠡᠵᠢᠭᠦᠯᠦᠭᠰᠡᠨ ᠦᠬᠡᠷ ᠪᠠᠶᠢᠵᠦ᠂ ᠦᠯᠡᠳᠡᠭᠰᠡᠨ 5% ᠨᠢ | ᠮᠣᠩᠭᠤᠯ ᠦᠬᠡᠷ᠂ ᠠᠩᠭᠢᠰ ᠦᠬᠡᠷ ᠵᠡᠷᠭᠡ ᠪᠠᠶᠢᠵᠤ᠂ ᠪᠥᠬᠦ ᠰᠢᠶᠠᠨ ᠤ ᠠᠯᠠᠰᠢᠨ ᠦᠬᠡᠷ ᠤᠨ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ 420᠂ ᠠᠯᠠᠰᠢᠨ ᠦᠬᠡᠷ ᠤᠨ ᠲᠣᠭᠤᠷᠢᠭ 69᠂ ᠬᠡᠪᠴᠢᠶᠡᠵᠢᠭᠦᠯᠦᠨ ᠲᠡᠵᠢᠭᠡᠨ | ᠦᠷᠡᠵᠢᠭᠦᠯᠬᠦ ᠬᠤᠪᠢ ᠶᠢᠨ ᠵᠢᠩ ᠨᠢ 57.8% ᠪᠣᠯᠤᠨ᠎ᠠ᠃ 2023 ᠣᠨ ᠳᠤ ᠠᠯᠠᠰᠢᠨ ᠦᠬᠡᠷ ᠢ ᠨᠡᠶᠢᠲᠡ 44 | ᠲᠦᠮᠡ ᠭᠠᠷᠭᠠᠵᠤ᠂ ᠤᠯᠠᠭᠠᠨᠬᠠᠳᠠ ᠬᠤᠲᠠ ᠶᠢᠨ ᠲᠡᠷᠢᠭᠦᠨ ᠳᠤ ᠣᠷᠣᠪᠠ᠃ ᠬᠤᠶᠠᠷ ᠲᠤ᠂ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠨᠢᠩᠴᠧᠩ | ᠰᠢᠶᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠠᠯᠠᠰᠢᠨ ᠦᠬᠡᠷ ᠤᠨ | ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡ ᠴᠡᠭ ᠢ ᠨᠢᠭᠡᠳᠦᠯᠲᠡᠶ ᠲᠥᠯᠥᠪᠵᠢᠭᠦᠯᠵᠦ᠂ ᠰᠢᠶᠠᠨ᠂ ᠰᠢᠶᠠᠩ᠂ | ᠲᠣᠰᠬᠤᠨ ᠭᠤᠷᠪᠠᠨ ᠱᠠᠲᠤᠨ ᠤ ᠮᠡᠷᠭᠡᠵᠢᠯ ᠤᠨ ᠡᠩᠨᠡᠭᠡ ᠶᠢᠨ ᠭᠠᠷ ᠬᠡᠭᠡᠯᠲᠦᠭᠦᠯᠭᠡ ᠶᠢᠨ ᠮᠡᠷᠭᠡᠵᠢᠯ ᠢ ᠬᠤᠯᠪᠣᠭᠠᠯᠠᠨ | ᠳᠡᠯᠭᠡᠷᠡᠭᠦᠯᠵᠦ᠂ ᠣᠲᠣ 165 ᠠᠯᠠᠰᠢᠨ ᠦᠬᠡᠷ ᠤᠨ ᠬᠥᠮᠦᠨ ᠤ ᠬᠦᠴᠦᠨ ᠤ ᠡᠭᠦᠯᠳᠡᠷ ᠰᠠᠶᠢᠵᠢᠷᠠᠭᠤᠯᠬᠤ | ᠥᠷᠲᠡᠭᠡ᠂ 18.5 ᠲᠦᠮᠡᠨ ᠮᠠᠯ ᠬᠡᠭᠡᠯᠲᠦᠭᠦᠯᠭᠡ ᠶᠢᠨ ᠦᠨᠢᠶ᠎ᠡ ᠪᠣᠶ᠃ ᠠᠯᠠᠰᠢᠨ ᠦᠬᠡᠷ ᠤᠨ ᠡᠭᠦᠯᠳᠡᠷ | ᠰᠠᠶᠢᠵᠢᠷᠠᠭᠤᠯᠤᠯᠲᠠ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠪᠡ᠃ ᠭᠤᠷᠪᠠ ᠳᠤ᠂ | ᠲᠥᠬᠦᠭᠡᠷᠦᠮᠵᠢᠲᠦ ᠬᠢᠷᠢ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃ ᠠᠯᠠᠰᠢᠨ ᠦᠬᠡᠷ ᠲᠡᠵᠢᠭᠡᠬᠦ | ᠬᠠᠮᠢᠶᠠᠷᠤᠯᠲᠠ ᠶᠢᠨ ᠨᠥᠬᠦᠴᠡᠯ ᠬᠠᠰᠢᠶᠠᠯᠠᠨ ᠲᠡᠵᠢᠭᠡᠬᠦ᠂ ᠡᠷᠴᠢᠮᠵᠢᠭᠦᠯᠬᠦ ᠠᠷᠭ᠎ᠠ ᠮᠠᠶ᠋ᠢᠭ ᠳᠠᠰᠢ ᠬᠤᠪᠢᠷᠠᠭᠤᠯᠬᠤ ᠶᠢ | ᠲᠦᠷᠭᠡᠳᠬᠡᠵᠦ᠂ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠲᠡᠭᠦᠯᠳᠡᠷᠵᠢᠭᠦᠯᠵᠦ ᠪᠠᠶᠢᠨ᠎ᠠ᠃ | ᠣᠳᠣᠬᠠᠨ ᠳᠤ ᠪᠥᠬᠦ ᠰᠢᠶᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ 70 ᠲᠦᠮᠡᠨ | ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠠᠶᠢᠵᠦ᠂ ᠡᠪᠡᠰᠦ ᠪᠣᠷᠳᠤᠭ᠎ᠠ ᠡᠳ᠋ᠰᠢᠭᠦᠯᠬᠦ ᠮᠠᠰᠢᠨ ᠪᠠᠷᠤᠭ 500 | ᠢᠵᠢ ᠪᠠᠶᠢᠨ᠎ᠠ᠃ | |