| | | | ᠨᠢᠭᠡ ᠳᠤ᠂ ᠪᠦᠲᠦᠭᠡᠨ ᠪᠠᠶᠢᠭᠤᠯᠤᠯᠲᠠ ᠶᠢ ᠠᠳᠬᠤᠵᠤ᠂ ︽ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ | ᠲᠠᠯ᠎ᠠ ᠪᠠᠷ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠨ᠎ᠡ᠃ ᠴᠡᠴᠡᠷᠯᠢᠭ ᠤᠨ ᠵᠦᠯᠭᠡ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ᠂ ᠪᠡᠶ᠎ᠡ ᠶᠢᠨ ᠲᠠᠮᠢᠷ ᠤᠨ ᠴᠡᠴᠡᠷᠯᠢᠭ ᠤᠨ ᠨᠣᠭᠤᠭᠠᠷᠠᠭᠤᠯᠤᠯᠲᠠ᠂ ᠷᠠᠰᠢᠶᠠᠨ | ᠵᠡᠭᠡᠯᠢ ᠶᠢᠨ ᠬᠠᠷᠮᠠᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠪᠠᠶᠢᠭᠤᠯᠤᠯᠲᠠ ᠶᠢ ᠳᠠᠭᠤᠰᠬᠠᠪᠠ᠃ ᠵᠠᠮ ᠤᠨ | ᠨᠣᠭᠤᠭᠠᠷᠠᠭᠤᠯᠤᠯᠲᠠ ᠶᠢᠨ ᠲᠠᠯ᠎ᠠ ᠪᠠᠷ᠂ ᠶᠢᠩ ᠪᠢᠨ ᠵᠠᠮ ᠤᠨ ᠳᠤᠮᠳᠠ ᠬᠡᠰᠡᠭ᠂ ᠲᠢᠶᠠᠨ ᠮᠠ ᠵᠡᠭᠡᠯᠢ ᠶᠢᠨ ᠵᠡᠭᠦᠨ | ᠬᠡᠰᠡᠭ᠂ ᠬᠢᠳᠠᠨ ᠵᠡᠭᠡᠯᠢ ᠶᠢᠨ ᠪᠠᠷᠠᠭᠤᠨ ᠬᠡᠰᠡᠭ᠂ ᠲᠢᠶᠠᠨ ᠱᠦᠨ ᠵᠠᠮ ᠤᠨ ᠡᠮᠦᠨ᠎ᠡ ᠬᠡᠰᠡᠭ᠂ ᠷᠠᠰᠢᠶᠠᠨ ᠵᠡᠭᠡᠯᠢ ᠶᠢᠨ | ᠳᠤᠮᠳᠠ ᠬᠡᠰᠡᠭ᠂ ᠴᠠᠩ ᠴᠢᠩ ᠵᠠᠮ᠂ ᠣᠯᠠᠨ ᠤᠯᠤᠰ ᠤᠨ ᠪᠠᠭᠤᠳᠠᠯ ᠤᠨ ᠡᠮᠦᠨ᠎ᠡ ᠬᠡᠰᠡᠭ ᠤᠨ ᠲᠦᠷ ᠴᠠᠭ ᠤᠨ ᠵᠠᠮ | ᠵᠡᠷᠭᠡ 7 ᠵᠤᠷᠪᠤᠰ ᠵᠡᠭᠡᠯᠢ ᠭᠤᠳᠤᠮᠵᠢ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠲᠠᠭᠤᠰᠬᠠᠵᠦ᠂ ᠵᠡᠷᠯᠢᠭ | ᠲᠤᠭᠤᠷ᠂ ᠮᠥᠩᠭᠦᠨ ᠭᠦᠢᠯᠡᠰᠦ᠂ ᠪᠠᠲᠤᠴᠠᠭᠠᠨ᠂ ᠮᠠᠨᠲᠠᠤ ᠤᠳᠠ ᠵᠡᠷᠭᠡ ᠮᠣᠳᠣ ᠶᠢ 845 ᠰᠠᠭᠤᠷᠢ ᠵᠠᠶᠢᠯᠠᠵᠤ᠂ | ᠰᠢᠷ᠎ᠠ ᠤᠯᠢᠶᠠᠰᠤ᠂ ᠭᠤᠤᠯᠲᠤ ᠪᠣᠷᠣ ᠵᠡᠷᠭᠡ ᠶᠢ 3185 ᠲᠡᠭᠰᠢ ᠳᠥᠷᠪᠡᠯᠵᠢᠨ ᠮᠧᠲᠷ ᠵᠠᠶᠢᠯᠠᠵᠤ᠂ ᠵᠦᠯᠭᠡ ᠭᠠᠵᠠᠷ | 6.5 ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠪᠡ᠃ | ᠬᠤᠶᠠᠷ ᠲᠤ᠂ ᠠᠷᠠᠴᠢᠯᠠᠨ ᠬᠠᠮᠠᠭᠠᠯᠠᠬᠤ ᠶᠢ ᠠᠳᠬᠤᠵᠤ᠂ ︽ᠨᠦᠬᠦᠵᠦ ᠨᠤᠭᠤᠭᠠᠷᠠᠭᠤᠯᠬᠤ︾ ᠲᠠᠯ᠎ᠠ ᠪᠠᠷ | ᠦᠷᠭᠦᠯᠵᠢᠯᠡᠨ ᠬᠦᠴᠦᠯᠡᠨ᠎ᠡ᠃ ᠲᠢᠶᠠᠨ ᠢ ᠬᠤᠲᠠ ᠲᠣᠭᠤᠷᠢᠭ ᠤᠨ 66.17 ᠲᠦᠮᠡᠨ ᠲᠡᠭᠰᠢ ᠳᠥᠷᠪᠡᠯᠵᠢᠨ | ᠮᠧᠲᠷ ᠤᠨ ᠣᠯᠠᠨ ᠨᠡᠶᠢᠲᠡ ᠶᠢᠨ ᠵᠦᠯᠭᠡ ᠭᠠᠵᠠᠷ ᠤᠨ ᠡᠷᠡᠭᠦᠯ ᠬᠠᠮᠠᠭᠠᠯᠠᠯ᠂ ᠨᠣᠭᠤᠭᠠᠷᠠᠭᠤᠯᠵᠤ ᠤᠰᠤᠯᠠᠬᠤ᠂ | ᠮᠣᠳᠣ ᠶᠢ ᠵᠠᠰᠠᠵᠤ ᠬᠠᠶᠢᠴᠢᠯᠠᠬᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠬᠦ᠂ ᠪᠣᠷᠳᠣᠭᠤᠷ | ᠣᠷᠣᠭᠤᠯᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠯᠤᠤᠬ᠎ᠠ ᠶᠢᠨ ᠭᠤᠣᠯ ᠵᠡᠭᠡᠯᠢ᠂ ᠰᠢᠨ ᠨᠢᠩ ᠵᠠᠮ ᠵᠡᠷᠭᠡ | ᠬᠤᠲᠠ ᠲᠣᠭᠤᠷᠢᠭ ᠤᠨ ᠵᠦᠯᠭᠡ ᠭᠠᠵᠠᠷ ᠲᠤ 450 ᠰᠠᠭᠤᠷᠢ ᠮᠣᠳᠣ ᠶᠢ ᠨᠥᠬᠦᠵᠦ ᠲᠠᠷᠢᠪᠠ᠃ ᠵᠦᠩ ᠵᠢᠩ | ᠠᠭᠤᠳᠠᠮ ᠲᠠᠯᠠᠪᠠᠢ᠂ ᠣᠣᠯ ᠤᠨ ᠵᠠᠰᠠᠭ ᠤᠨ ᠣᠷᠳᠣᠨ ᠤ ᠴᠡᠴᠡᠷᠯᠢᠭ᠂ ᠰᠢᠨ ᠨᠢᠩ ᠵᠠᠮ᠂ ᠯᠤᠤᠬ᠎ᠠ ᠶᠢᠨ ᠭᠤᠣᠯ | ᠵᠡᠭᠡᠯᠢ ᠶᠢᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠳ᠋ᠠ ᠨᠢᠩ ᠵᠠᠮ ᠤᠨ ᠡᠮᠦᠨ᠎ᠡ ᠬᠡᠰᠡᠭ᠂ | ᠲᠢᠶᠠᠨ ᠮᠠ ᠵᠡᠭᠡᠯᠢ ᠵᠡᠷᠭᠡ ᠭᠠᠵᠠᠷ ᠲᠤ 13 ᠲᠦᠮᠡ ᠭᠠᠷᠤᠢ ᠰᠠᠭᠤᠷᠢ ᠬᠤᠸᠠᠷ ᠴᠡᠴᠡᠭ ᠲᠠᠷᠢᠪᠠ᠃ | ᠭᠤᠷᠪᠠ ᠳᠤ᠂ ᠪᠠᠶᠢᠷᠢᠰᠢᠭᠤᠯᠤᠯᠲᠠ ᠶᠢ ᠠᠳᠬᠤᠵᠤ᠂ ︽ᠨᠣᠭᠤᠭᠠᠷᠠᠭᠤᠯᠤᠯᠲᠠ ᠶᠢ ᠬᠠᠮᠢᠶᠠᠷᠬᠤ︾ ᠲᠠᠯ᠎ᠠ ᠪᠠᠷ | ᠪᠣᠳᠠᠲᠠᠶ ᠶᠢ ᠡᠷᠬᠢᠮᠯᠡᠨ ᠦᠷ᠎ᠡ ᠪᠦᠲᠦᠮᠵᠢ ᠤᠯᠪᠠ᠃ ᠬᠤᠲᠠ ᠶᠢᠨ ᠵᠦᠯᠭᠡ ᠭᠠᠵᠠᠷ ᠤᠨ ᠪᠠᠶᠢᠷᠢᠰᠢᠭᠤᠯᠤᠯᠲᠠ ᠶᠢᠨ | ᠲᠡᠩᠴᠡᠭᠦᠷᠢᠲᠦ ᠴᠢᠨᠠᠷ ᠢ ᠶᠡᠷᠦᠩᠬᠡᠶᠢᠯᠡᠨ ᠵᠠᠳᠠᠯᠵᠤ᠂ ᠬᠠᠭᠤᠴᠢᠨ ᠬᠤᠲᠠ ᠲᠣᠭᠤᠷᠢᠭ᠂ ᠭᠤᠤᠯ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠡᠴᠡᠷᠯᠢᠭ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ | ᠬᠠᠭᠤᠴᠢᠨ ᠵᠢᠵᠢᠭ ᠲᠣᠭᠤᠷᠢᠭ᠂ ᠵᠡᠭᠡᠯᠢ ᠭᠤᠳᠤᠮᠵᠢ ᠵᠡᠷᠭᠡ ᠶᠢ ᠰᠢᠨᠡᠳᠬᠡᠨ ᠥᠭᠡᠷᠡᠴᠢᠯᠡᠬᠦ ᠲᠠᠢ ᠤᠶᠠᠯᠳᠤᠭᠤᠯᠤᠨ᠂ | ᠬᠠᠤᠯᠢ ᠠᠴᠠ ᠵᠥᠷᠢᠴᠡᠭᠰᠡᠨ ᠨᠤᠷᠠᠭᠠᠭᠰᠠᠨ ᠪᠠᠷᠢᠯᠭ᠎ᠠ᠂ ᠬᠠᠶᠠᠭᠳᠠᠮᠠᠯ ᠭᠠᠵᠠᠷ᠂ ᠰᠤᠯᠠ ᠪᠠᠶᠢᠭ᠎ᠠ ᠭᠠᠵᠠᠷ᠂ ᠵᠠᠮ ᠤᠨ | ᠵᠠᠩᠭᠢᠯᠠᠭ᠎ᠠ ᠶᠢᠨ ᠭᠠᠵᠠᠷ᠂ ᠵᠠᠮ ᠤᠨ ᠠᠭᠤᠯᠵᠠᠷ ᠤᠨ ᠥᠨᠴᠥᠭ ᠪᠤᠯᠤᠩ ᠳᠤ ︽ᠬᠠᠷᠮᠠᠨ ᠴᠡᠴᠡᠷᠯᠢᠭ︾ | ᠪᠠᠶᠢᠭᠤᠯᠬᠤ ᠶᠢ ᠠᠬᠢᠭᠤᠯᠪᠠ᠃ ᠣᠳᠣᠬᠠᠨ ᠪᠣᠯᠲᠠᠯ᠎ᠠ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 750 | ᠲᠦᠮᠡᠨ ᠲᠥᠭᠦᠷᠢᠭ ᠤᠨ 2 ᠲᠦᠮᠡᠨ ᠲᠡᠭᠰᠢ ᠳᠥᠷᠪᠡᠯᠵᠢᠨ ᠮᠧᠲᠷ ᠤᠨ 5 ᠬᠠᠷᠮᠠᠨ ᠴᠡᠴᠡᠷᠯᠢᠭ ᠢ ᠪᠠᠶᠢᠭᠤᠯᠤᠨ᠎ᠠ᠃ | ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠲᠠᠯᠠᠪᠠᠢ 670 ᠾᠧᠺᠲ᠋ᠠᠷ ᠪᠠᠶᠢᠵᠤ᠂ ᠬᠥᠮᠦᠨ | ᠳᠤᠮᠳᠠᠴᠢ ᠶᠢᠨ ᠴᠡᠴᠡᠷᠯᠢᠭ ᠤᠨ ᠵᠦᠯᠭᠡ ᠭᠠᠵᠠᠷ ᠤᠨ ᠲᠠᠯᠠᠪᠠᠢ 13.5 ᠲᠡᠭᠰᠢ ᠳᠥᠷᠪᠡᠯᠵᠢᠨ ᠮᠧᠲᠷ ᠪᠠᠶᠢᠵᠤ᠂ | ᠪᠠᠶᠢᠭᠤᠯᠤᠭᠰᠠᠨ ᠲᠣᠭᠤᠷᠢᠭ ᠤᠨ ᠵᠦᠯᠭᠡ ᠭᠠᠵᠠᠷ ᠤᠨ ᠨᠤᠷᠮ᠎ᠠ 33.27% ᠬᠦᠷᠪᠡ᠃ | | |