ᠨᠢᠩᠴᠧᠩ ᠰᠢᠶᠠᠨ ᠠᠮᠢᠳᠤᠷᠠᠯ ᠤᠨ ᠬᠤᠭ ᠨᠤᠪᠰᠢ ᠶᠢ ︽ᠳᠠᠬᠢᠨ ᠠᠮᠢᠯᠠᠭᠤᠯᠵᠤ︾ ᠪᠣᠬᠢᠷᠲᠤᠯ ᠥᠬᠡᠢ  ᠡᠷᠭᠢᠯᠲᠡ ᠶᠢᠨ ᠴᠢᠨᠠᠷᠳᠠᠢ ᠬᠥᠭᠵᠢᠯᠲᠡ ᠶᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/28
          ᠨᠢᠭᠡ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠣᠨ ᠪᠦᠰᠡ ᠶᠢᠨ ᠦᠷᠭᠦᠯᠵᠢᠯᠡᠬᠦ  ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ  ᠰᠢᠰᠲ᠋ᠧᠮᠵᠢ ᠶᠢᠨ ᠪᠠᠶᠢᠭᠤᠯᠤᠯᠲᠠ᠂ ᠬᠤᠯᠪᠣᠭᠳᠠᠯ ᠪᠥᠬᠦᠶ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ ᠲᠥᠷᠥᠯ ᠬᠤᠪᠢᠶᠠᠨ  ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ  ᠰᠢᠰᠲ᠋ᠧᠮ ᠢ ᠪᠠᠶᠢᠭᠤᠯᠵᠤ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠡᠬᠢ ᠪᠠᠶᠠᠯᠢᠭ ᠢ  ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ  ᠲᠡᠷᠢᠭᠦᠨ ᠤ ᠠᠷᠭ᠎ᠠ ᠮᠠᠶ᠋ᠢᠭ ᠢ ᠣᠷᠣᠭᠤᠯᠤᠨ ᠠᠪᠴᠢᠷᠠᠵᠤ᠂ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ  ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠲᠥᠷᠥᠯ ᠵᠦᠢᠯ ᠤᠨ ᠵᠢᠯ ᠤᠨ  ᠠᠵᠢᠯᠯᠠᠭᠠᠨ ᠨᠢ ᠵᠢᠯ ᠳᠤ 8000 ᠴᠠᠭ ᠪᠠᠶᠢᠵᠤ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 3800 ᠲᠦᠮᠡᠨ  ᠭᠷᠠᠳᠦ᠋ᠰ ᠲᠤ ᠬᠦᠷᠴᠦ᠂ ᠵᠢᠯ ᠳᠤ ᠪᠠᠷᠤᠭ 15 ᠲᠦᠮᠡᠨ ᠲᠣᠨ ᠬᠤᠲᠠ ᠬᠥᠳᠡᠭᠡ ᠶᠢᠨ ᠠᠮᠢᠳᠤᠷᠠᠯ ᠤᠨ ᠬᠤᠭ  ᠨᠣᠪᠰᠢ ᠶᠢ ᠰᠢᠢᠳᠪᠦᠷᠢᠯᠡᠨ᠎ᠠ᠃   ᠬᠤᠶᠠᠷ ᠲᠤ ᠲᠦᠷᠦᠯ ᠵᠦᠢᠯ ᠢᠶᠠᠷ ᠬᠥᠳᠡᠯᠭᠡᠭᠦᠷ ᠪᠣᠯᠭᠠᠵᠤ᠂ ᠡᠬᠢ ᠪᠠᠶᠠᠯᠢᠭ ᠢ ᠠᠰᠢᠭᠯᠠᠨ ᠠᠮᠢ ᠠᠬᠤᠢ ᠶᠢᠨ  ᠣᠷᠴᠢᠨ ᠲᠣᠭᠤᠷᠢᠨ ᠢ ᠬᠠᠮᠠᠭᠠᠯᠠᠨ᠎ᠠ᠃ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠶᠢᠨ  ᠬᠠᠮᠲᠤᠷᠠᠯᠴᠠᠭ᠎ᠠ ᠵᠡᠷᠭᠡ ᠵᠠᠭᠪᠤᠷ ᠢ ᠬᠡᠷᠡᠭᠯᠡᠨ᠂ ᠲᠥᠷᠥᠯ ᠬᠤᠪᠢᠶᠠᠨ ᠰᠢᠢᠳᠪᠦᠷᠢᠯᠡᠬᠦ ᠰᠢᠰᠲ᠋ᠧᠮᠵᠢ ᠶᠢ ᠠᠯᠬᠤᠮ  ᠠᠯᠬᠤᠮ ᠢᠶᠠᠷ ᠲᠡᠭᠦᠯᠳᠡᠷᠵᠢᠭᠦᠯᠵᠦ᠂ ᠰᠢᠲᠠᠭᠠᠵᠤ ᠴᠠᠬᠢᠯᠭᠠᠨ ᠭᠠᠷᠭᠠᠬᠤ᠂ ᠡᠬᠢ ᠪᠠᠶᠠᠯᠢᠭ ᠢ ᠶᠡᠷᠦᠩᠬᠡᠶᠢᠯᠡᠨ  ᠠᠰᠢᠭᠯᠠᠬᠤ ᠪᠠᠷ ᠭᠤᠣᠯ ᠪᠣᠯᠭᠠᠭᠰᠠᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠷᠭ᠎ᠠ ᠮᠠᠶ᠋ᠢᠭ ᠢ ᠪᠤᠢ  ᠪᠣᠯᠭᠠᠵᠤ᠂ ᠶᠠᠭ 2 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ᠃  ᠡᠭᠦᠨ ᠳᠤ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 3000 ᠲᠦᠮᠡᠨ ᠲᠥᠭᠦᠷᠢᠭ᠂ ᠦᠢᠯᠡᠳᠪᠦᠷᠢᠯᠡᠬᠦ  ᠴᠢᠳᠠᠪᠤᠷᠢ ᠨᠢ 600 ᠲᠣᠨ / ᠡᠳᠦᠷ ᠤᠨ ᠵᠤᠤᠬ᠎ᠠ ᠶᠢᠨ ᠰᠢᠭᠠᠷᠤ ᠶᠢ ᠠᠦ᠋ᠲ᠋ᠣᠴᠢᠯᠠᠨ ᠰᠢᠢᠳᠪᠦᠷᠢᠯᠡᠬᠦ  ᠦᠢᠯᠡᠳᠪᠦᠷᠢᠯᠡᠯ ᠤᠨ ᠱᠤᠭᠤᠮ ᠤᠨ ᠲᠥᠷᠥᠯ ᠵᠦᠢᠯ ᠢ ᠨᠢᠭᠡᠨᠲᠡ ᠪᠦᠬᠦ ᠲᠠᠯ᠎ᠠ ᠪᠠᠷ ᠡᠬᠢᠯᠡᠭᠦᠯᠪᠡ᠃ ᠶᠡᠷᠦᠩᠬᠡᠶ ᠪᠡᠯᠡ  ᠣᠷᠣᠭᠤᠯᠤᠯᠲᠠ ᠨᠢ ᠪᠠᠷᠤᠭ 2.39 ᠳ᠋ᠦᠩᠰᠢᠭᠤᠷ ᠲᠥᠭᠦᠷᠢᠭ᠂ ᠡᠳᠦᠷ ᠪᠦᠷᠢ ᠶᠢᠨ ᠠᠮᠢᠳᠤᠷᠠᠯ ᠤᠨ ᠬᠤᠭ  ᠨᠣᠪᠰᠢ ᠶᠢ ᠰᠢᠢᠳᠪᠦᠷᠢᠯᠡᠬᠦ 400 ᠲᠣᠨ ᠲᠥᠷᠥᠯ ᠵᠦᠢᠯ ᠢ ᠶᠠᠭ ᠯᠠᠪᠳᠠᠭᠤᠨ ᠢᠶᠠᠷ ᠪᠦᠲᠦᠭᠡᠨ ᠪᠠᠶᠢᠭᠤᠯᠵᠤ ᠪᠠᠶᠢᠭ᠎ᠠ  ᠪᠥᠭᠡᠳ ︽ᠥᠪᠥᠷ ᠮᠣᠩᠭᠤᠯ ᠤᠨ ᠠᠮᠢᠳᠤᠷᠠᠯ ᠤᠨ ᠬᠤᠭ ᠨᠣᠪᠰᠢ ᠶᠢ ᠰᠢᠲᠠᠭᠠᠵᠤ ᠴᠠᠬᠢᠯᠭᠠᠨ ᠭᠠᠷᠭᠠᠬᠤ ᠳᠤᠮᠳᠠ  ᠣᠷᠳᠣ ᠬᠤᠭᠤᠴᠠᠭ᠎ᠠ ᠪᠠᠷ 2020 - 2030 ᠣᠨ︾ ᠳᠤ ᠵᠢᠭᠰᠠᠭᠠᠨ ᠣᠷᠣᠭᠤᠯᠵᠤ᠂ ᠵᠢᠱᠢᠯᠲᠡ ᠪᠠᠷ 2025  ᠣᠨ ᠳᠤ ᠠᠰᠢᠭᠯᠠᠯᠲᠠ ᠳᠤ ᠣᠷᠣᠭᠤᠯᠤᠨ᠎ᠠ᠃  ᠭᠤᠷᠪᠠ ᠳᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ  ᠬᠠᠮᠠᠭᠠᠯᠠᠨ᠎ᠠ᠃ ᠠᠵᠤ ᠠᠬᠤᠶᠢᠯᠠᠯ ᠤᠨ ᠵᠠᠩᠭᠢᠯᠠᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ  ᠭᠦᠢᠴᠡᠳᠬᠡᠯ ᠢ ᠳᠥᠭᠦᠮᠴᠢᠯᠡᠬᠦ᠂ ᠨᠢᠭᠡ ᠯᠡ ᠥᠷᠲᠡᠭᠡᠨ ᠤ ᠮᠠᠶ᠋ᠢᠭ ᠢᠶᠠᠷ ᠭᠦᠢᠴᠡᠳᠬᠡᠬᠦ᠂ ᠠᠵᠤ ᠠᠬᠤᠶᠢᠯᠠᠯ ᠳᠤ  ᠣᠷᠣᠵᠤ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ ᠵᠡᠷᠭᠡ ᠰᠢᠷᠢᠰ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ  ᠠᠬᠤᠶᠢᠯᠠᠯ ᠳᠤ ᠬᠠᠷᠰᠢ ᠰᠠᠭᠠᠳ ᠥᠬᠡᠶ᠂ ᠴᠢᠨᠠᠷ ᠰᠠᠶᠢᠲᠠᠶ᠂ ᠪᠥᠬᠦ ᠶᠠᠪᠤᠴᠠ ᠶᠢᠨ ᠦᠢᠯᠡᠴᠢᠯᠡᠭᠡ  ᠬᠠᠩᠭᠠᠨ᠎ᠠ᠃  ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ  10 ᠭᠠᠷᠤᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠠᠵᠤ ᠠᠬᠤᠶᠢᠯᠠᠯ ᠤᠨ ᠠᠰᠢᠭ  ᠣᠷᠣᠯᠭ᠎ᠠ ᠶᠢᠨ ᠭᠠᠶᠢᠯᠢ ᠶᠢᠨ ︽ᠭᠤᠷᠪᠠ ᠶᠢ ᠬᠡᠯᠲᠦᠷᠢᠭᠦᠯᠵᠦ ᠭᠤᠷᠪᠠ ᠶᠢ ᠬᠠᠭᠠᠰ ᠢᠶᠠᠷ ᠪᠠᠭᠠᠰᠬᠠᠬᠤ︾ ᠲᠥᠷᠥ ᠶᠢᠨ  ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ 11.92  ᠲᠦᠮᠡᠨ ᠲᠥᠭᠦᠷᠢᠭ ᠬᠠᠰᠤᠵᠤ ᠬᠡᠯᠲᠦᠷᠢᠭᠦᠯᠦᠨ᠂ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ  ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ  ᠪᠠᠲᠤᠯᠠᠨ᠎ᠠ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号