ᠨᠢᠩᠴᠧᠩ ᠰᠢᠶᠠᠨ ︽5+2 ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠦᠭᠡᠢ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠠᠩᠬ᠎ᠠ ᠤᠳᠠᠭ᠎ᠠ ᠳᠡᠯᠭᠡᠷᠡᠭᠦᠯᠵᠦ ᠤᠯᠠᠨ ᠲᠦᠮᠡᠨ ᠳᠤ ᠨᠠᠩ ᠲᠠᠭᠠᠯᠠᠮᠵᠢᠲᠠᠢ ᠦᠢᠯᠡᠴᠢᠯᠡᠨ᠎ᠡ
ᠨᠡᠶᠢᠲᠡᠯᠡᠭᠰᠡᠨ ᠴᠠᠭ᠄
2024/7/3
    ᠨᠢᠭᠡ ᠳᠤ᠂ ᠭᠠᠷᠠᠭ ᠤᠨ ᠰᠡᠭᠦᠯᠴᠢ ᠶᠢᠨ ᠦᠢᠯᠡᠴᠢᠯᠡᠭᠡ ︽ᠡᠭᠦᠳᠡ ᠪᠠᠨ ᠬᠠᠭᠠᠬᠤ ᠥᠬᠡᠶ︾ ᠦᠢᠯᠡᠴᠢᠯᠡᠭᠡ ᠨᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠣᠳᠣᠬᠠᠨ ᠳᠤ ᠭᠠᠶᠢᠯᠢ ᠶᠢᠨ ᠶᠠᠪᠤᠳᠠᠯ ᠤᠨ ᠲᠢᠩᠬᠢᠮ ᠳᠤ ᠨᠡᠶᠢᠲᠡ ︽ᠭᠠᠷᠠᠭ ᠤᠨ ᠰᠡᠭᠦᠯᠴᠢ ᠳᠤ ᠡᠭᠦᠳᠡ ᠪᠠᠨ ᠬᠠᠭᠠᠬᠤ ᠥᠬᠡᠶ︾ ᠲᠤᠬᠠᠶᠢᠯᠠᠭᠰᠠᠨ ᠠᠵᠢᠯ ᠢ ᠭᠦᠢᠴᠡᠳᠭᠡᠬᠦ ᠴᠣᠩᠬᠤ 2 ᠭᠠᠷᠭᠠᠪᠠ᠃ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠴᠠᠭ ᠲᠤᠬᠠᠶ ᠳᠤ ᠨᠢ ᠬᠤᠷᠢᠶᠠᠩᠭᠤᠶᠢᠯᠠᠨ ᠳ᠋ᠦᠩᠨᠡᠵᠦ᠂ ᠭᠠᠶᠢᠯᠢ ᠭᠦᠢᠴᠡᠳᠬᠡᠬᠦ ᠮᠠᠲ᠋ᠧᠷᠢᠶᠠᠯ ᠂ ᠭᠠᠶᠢᠯᠢ ᠭᠦᠢᠴᠡᠳᠬᠡᠬᠦ ᠴᠤᠪᠤᠷᠠᠯ ᠢ ᠨᠢᠭᠡ ᠯᠡ ᠤᠳᠠᠭ᠎ᠠ ᠳᠤ ᠮᠡᠳᠡᠭᠳᠡᠬᠦ ᠶᠢ ᠬᠡᠷᠡᠭᠵᠢᠭᠦᠯᠦᠨ᠂ ᠭᠠᠶᠢᠯᠢ ᠭᠦᠢᠴᠡᠳᠬᠡᠬᠦ ᠮᠠᠲ᠋ᠧᠷᠢᠶᠠᠯ ᠢ ︽ᠨᠢᠭᠡ ᠯᠡ ᠤᠳᠠᠭ᠎ᠠ ᠳᠤ ᠮᠡᠳᠡᠭᠦᠯᠦᠨ ᠬᠦᠷᠭᠡᠵᠦ᠂ ᠡᠷᠭᠢᠯᠳᠦᠭᠦᠯᠦᠨ ᠬᠡᠷᠡᠭᠯᠡᠬᠦ︾ ᠶᠢ ᠬᠡᠷᠡᠭᠵᠢᠭᠦᠯᠵᠦ᠂ ᠭᠠᠶᠢᠯᠢ ᠲᠤᠰᠢᠶᠠᠭᠴᠢ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠪᠡ᠃   ᠬᠤᠶᠠᠷ ᠲᠤ᠂ ᠰᠦᠯᠵᠢᠶᠡᠨ ᠭᠠᠳᠠᠨᠠᠬᠢ ᠦᠢᠯᠡᠴᠢᠯᠡᠭᠡ ᠣᠣᠯ ᠬᠡᠪ ᠢᠶᠠᠷ ᠢᠶᠠᠨ ᠰᠠᠶᠢᠳᠤᠷ ᠦᠢᠯᠡᠴᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠳᠦᠷᠰᠦ ᠪᠠᠶᠢᠳᠠᠯ ᠢ ᠪᠣᠶ ᠪᠤᠯᠭᠠᠨ᠎ᠠ᠃ ᠰᠤᠷᠲᠠᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠮᠣᠷᠠᠯ᠂ ᠴᠢᠳᠠᠪᠤᠷᠢ᠂ ᠠᠵᠢᠯᠴᠢ᠂ ᠠᠮᠵᠢᠯᠲᠠ᠂ ᠴᠢᠬᠡᠴᠢ᠂ ᠰᠤᠷᠤᠯᠴᠠᠬᠤ᠂ ᠬᠠᠤᠯᠢ᠂ ᠠᠮᠤᠷ ᠲᠦᠪᠰᠢᠨ᠂ ᠲᠣᠭᠲᠠᠭᠤᠨ᠂ ᠠᠷᠭ᠎ᠠ ᠬᠡᠯᠪᠡᠷᠢ︾ ᠵᠡᠷᠭᠡ 10 ᠲᠠᠯ᠎ᠠ ᠠᠴᠠ ᠴᠣᠩᠬᠤᠪᠴᠢ ᠶᠢᠨ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ︽ᠶᠡᠷᠦᠩᠬᠡᠶᠢᠯᠡᠨ ᠬᠠᠮᠢᠶᠠᠷᠬᠤ᠂ ᠲᠤᠬᠠᠶᠢᠯᠠᠭᠰᠠᠨ ᠠᠵᠢᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠣᠯᠪᠠᠰᠤᠨ ᠦᠢᠯᠡᠴᠢᠯᠡᠭᠡ︾ ᠵᠡᠷᠭᠡ 4 ᠲᠠᠯ᠎ᠠ ᠠᠴᠠ ᠡᠯ᠎ᠡ ᠴᠣᠩᠬᠤᠪᠴᠢ ᠶᠢᠨ ᠡᠭᠦᠷᠭᠡ ᠬᠠᠷᠢᠭᠤᠴᠠᠯᠭ᠎ᠠ ᠶᠢ ᠵᠢᠷᠤᠮᠵᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ᠂ ᠰᠠᠬᠢᠯᠭ᠎ᠠ ᠪᠠᠲᠤ ᠶᠢᠨ ᠬᠥᠮᠦᠵᠢᠯ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ ᠦᠢᠯᠡᠴᠢᠯᠡᠭᠡᠨ ᠤ ᠡᠩᠨᠡᠭᠡ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠥᠨᠳᠥᠷ ᠪᠦᠲᠦᠮᠵᠢᠲᠡᠶ ᠦᠢᠯᠡᠴᠢᠯᠡᠭᠡ ᠳᠤ ᠬᠦᠴᠦᠲᠡᠶ ᠲᠤᠯᠭᠠᠭᠤᠷᠢᠯᠠᠯ ᠪᠠ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃   ᠭᠤᠷᠪᠠ ᠳᠤ᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠲᠠᠰᠤᠷᠠᠯᠲᠠ ᠥᠬᠡᠶ ᠲᠠᠩᠰᠠ ᠡᠪᠬᠡᠮᠡᠯ︾ ᠬᠢᠵᠦ᠂ ᠬᠠᠮᠵᠢᠯᠴᠠᠨ ᠴᠢᠳᠠᠪᠤᠷᠢ ᠣᠯᠭᠤᠵᠤ ᠰᠢᠨ᠎ᠡ ᠪᠠᠶᠢᠳᠠᠯ ᠢ ᠨᠡᠭᠡᠭᠡᠪᠡ᠃ ︽ᠳᠥᠷᠪᠡ ᠶᠢ ᠪᠠᠭᠠᠰᠬᠠᠬᠤ ᠦᠢᠯᠡᠴᠢᠯᠡᠭᠡ︾ ᠶᠢ ᠦᠷᠭᠦᠯᠵᠢᠯᠡᠨ ᠥᠷᠨᠢᠭᠦᠯᠵᠦ᠂ ︽ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠭᠦᠶᠦᠬᠦ ᠶᠢ ᠪᠠᠭᠠᠰᠬᠠᠬᠤ︾ ᠳᠥᠷᠪᠡ ᠶᠢ ᠪᠠᠭᠠᠰᠬᠠᠬᠤ ᠨᠠᠷᠢᠨ ᠲᠠᠩᠰᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠦᠯᠦ ᠬᠦᠷᠦᠯᠴᠡᠬᠦ ᠬᠡᠯᠪᠡᠷᠢ ᠪᠠᠷ ᠭᠠᠶᠢᠯᠢ ᠭᠦᠢᠴᠡᠳᠬᠡᠬᠦ︾ ᠰᠦᠯᠵᠢᠶ᠎ᠡ ᠪᠠᠷ ᠭᠦᠢᠴᠡᠳᠬᠡᠬᠦ ᠵᠦᠢᠯᠡᠰ ᠢ ᠬᠡᠷᠡᠭᠵᠢᠭᠦᠯᠵᠦ᠂ ᠭᠠᠶᠢᠯᠢ ᠲᠤᠰᠢᠶᠠᠭᠴᠢ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠰᠠᠯᠠᠭ᠎ᠠ ᠮᠥᠴᠢᠷ ᠯᠦᠭᠡ ᠢᠳᠡᠪᠬᠢᠲᠡᠶ ᠨᠡᠪᠲᠡᠷᠡᠯᠴᠡᠵᠦ᠂ ᠴᠠᠭ ᠬᠤᠭᠤᠴᠠᠭ᠎ᠠ ᠪᠦᠷᠢ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠭᠦᠢᠴᠡᠳᠬᠡᠬᠦ ᠭᠠᠶᠢᠯᠢ ᠲᠤᠰᠢᠶᠠᠭᠴᠢ ᠶᠢᠨ ᠲᠤᠭ᠎ᠠ ᠬᠡᠮᠵᠢᠶ᠎ᠡ ᠶᠢ ᠵᠦᠶ ᠵᠣᠬᠢᠰᠲᠠᠶ ᠲᠥᠯᠥᠪᠯᠡᠵᠦ ᠪᠠᠶᠢᠨ᠎ᠠ᠃ ᠣᠳᠣᠬᠠᠨ ᠳᠤ᠂ ᠦᠢᠯᠡᠴᠢᠯᠡᠭᠡᠨ ᠤ ᠴᠣᠩᠬᠤ ︽ᠬᠤᠣᠰ ᠠᠮᠠᠷᠠᠯᠲᠠ︾ ᠶᠢᠨ ᠴᠠᠭ ᠢ ᠠᠰᠢᠭᠯᠠᠨ 535 ᠬᠤᠪᠢ ᠤᠴᠢᠷ ᠶᠠᠪᠤᠳᠠᠯ ᠢ ᠭᠦᠢᠴᠡᠳᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000963号